ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ︵ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ︶ ᠪᠦᠯᠦᠭᠯᠡᠯ ᠺᠣᠮᠫᠠᠨᠢ ᠲᠠᠢ ᠠᠵᠤ ᠠᠬᠤᠶᠢᠯᠠᠯ ᠪᠠ ᠣᠷᠣᠨ ᠨᠤᠲᠤᠭ ᠤᠨ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2021/7/8
     7 ᠳ᠋ᠤᠭᠠᠷ ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨ᠎ᠠ᠂ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ︵ᠪᠦᠯᠦᠭᠯᠡᠯ︶ ᠺᠣᠮᠫᠠᠨᠢ ᠶᠢᠨ ᠠᠵᠤ ᠠᠬᠤᠶᠢᠯᠠᠯ ᠪᠠ ᠣᠷᠣᠨ ᠨᠤᠲᠤᠭ ᠤᠨ ᠶᠠᠷᠢᠯᠴᠠᠬᠤ ᠬᠤᠷᠠᠯ ᠪᠤᠭᠤᠲᠤ ᠬᠤᠲᠠ ᠳᠤ ᠬᠤᠷᠠᠯᠳᠤᠵᠤ᠂ ᠬᠤᠶᠠᠷ ᠲᠠᠯ᠎ᠠ ᠪᠠᠷ ᠢᠶᠠᠨ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠬᠠᠮᠲᠤᠷᠠᠯᠴᠠᠭ᠎ᠠ ᠶᠢ ᠴᠢᠩᠭᠠᠳᠬᠠᠬᠤ᠂ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ᠂ ᠡᠳ᠋ ᠤᠨ ᠵᠠᠰᠠᠭ ᠭᠠᠶᠢᠯᠢ ᠶᠢᠨ ᠲᠤᠭ᠎ᠠ ᠪᠦᠷᠢᠳᠬᠡᠯ ᠵᠡᠷᠭᠡ ᠲᠠᠯ᠎ᠠ ᠪᠠᠷ ᠭᠦᠨᠵᠡᠭᠡᠶ ᠶᠠᠷᠢᠯᠴᠠᠨ ᠰᠤᠳᠤᠯᠪᠠ᠃ ᠬᠤᠰᠢᠭᠤᠨ ᠤᠳᠤᠷᠢᠳᠤᠯᠭ᠎ᠠ ᠱᠢ ᠵᠥᠩ ᠴᠢᠨ᠂ ᠬᠥᠩ ᠬᠤᠸᠠ᠂ ᠯᠢ ᠶᠦᠩ ᠰᠢᠨ᠂ ᠬᠤᠸᠠᠩ ᠯᠦᠩ᠂ ᠯᠢ ᠸᠧᠶ᠂ ᠵᠢᠶ ᠴᠢᠤᠸᠠᠨ  ᠵᠤ᠋ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠶᠠᠷᠢᠯᠴᠠᠬᠤ ᠬᠤᠷᠠᠯ ᠳᠤ ᠣᠷᠣᠯᠴᠠᠵᠠᠶ᠃
      ᠬᠤᠷᠠᠯ ᠠᠴᠠ ᠵᠢᠭᠠᠵᠤ ᠭᠠᠷᠭᠠᠭᠰᠠᠨ ᠨᠢ᠂ ᠠᠵᠤ ᠠᠬᠤᠶᠢᠯᠠᠯ ᠪᠣᠯᠤᠨ ᠭᠠᠵᠠᠷ ᠣᠷᠣᠨ ᠤ ᠠᠭᠤᠰᠤᠯᠴᠠᠨ ᠬᠥᠭᠵᠢᠬᠦ ᠶᠢ ᠠᠬᠢᠭᠤᠯᠬᠤ ᠪᠣᠯ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠂ ᠬᠠᠮᠵᠢᠯᠴᠠᠨ ᠬᠥᠭᠵᠢᠬᠦ ᠶᠢ ᠪᠡᠶᠡᠯᠡᠭᠦᠯᠬᠦ ᠴᠢᠬᠤᠯᠠ ᠠᠷᠭ᠎ᠠ ᠵᠠᠮ ᠮᠥᠨ᠂ ᠬᠤᠶᠠᠷ ᠲᠠᠯ᠎ᠠ ᠪᠠᠷ ᠢᠶᠠᠨ ︽ᠨᠢᠭᠡ ᠬᠥᠯᠭᠡ ᠰᠢᠳᠠᠷ᠎ᠠ︾ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠪᠦᠬᠦ ᠬᠤᠳᠠ ᠶᠢᠨ ︽ᠲᠦᠷᠪᠡᠨ ᠰᠠᠭᠤᠷᠢᠨ ᠬᠤᠶᠠᠷ ᠲᠥᠪ ᠨᠢᠭᠡ ᠥᠨᠳᠥᠷ ᠭᠠᠵᠠᠷ ᠨᠢᠭᠡ ᠰᠢᠰᠲᠧᠮ︾ ᠤᠨ ᠪᠠᠶᠢᠯᠳᠤᠬᠤ ᠪᠤᠳᠤᠯᠭ᠎ᠠ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰ ᠲᠤᠰ ᠤᠨ ᠬᠥᠭᠵᠢᠯᠲᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠪᠠᠷᠠᠬᠤ ᠦᠭᠡᠢ ᠪᠠᠰᠠ ᠦᠨᠡᠨ ᠰᠡᠳᠬᠢᠯ ᠠᠴᠠ ᠪᠠᠨ ᠪᠦᠯᠬᠦᠮᠳᠡᠵᠦ᠂ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠪᠠ ᠭᠠᠵᠠᠷ ᠣᠷᠣᠨ ᠢ ᠠᠭᠤᠰᠤᠯᠴᠠᠭᠤᠯᠬᠤ ᠡᠯ᠎ᠡ ᠵᠦᠢᠯ ᠤᠨ ᠠᠵᠢᠯ ᠢ ᠭᠦᠨᠵᠡᠭᠡᠢ ᠨᠠᠷᠢᠯᠢᠭ ᠰᠠᠶᠢᠲᠤᠷ ᠬᠢᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠤᠷᠬᠢᠯ ᠳᠤ ᠬᠦᠷᠴᠦ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠰᠠᠭᠠᠷᠮᠠᠭᠵᠢᠬᠤ ᠬᠠᠷᠠᠯᠲᠠ ᠶᠢ ᠴᠢᠩᠭ᠎ᠠ ᠠᠩᠬᠠᠷᠴᠤ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ᠂ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠨᠡᠩ ᠤᠯᠠᠨ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ  ᠲᠠᠷᠬᠠᠨ ᠮᠤᠤᠮᠢᠩᠭᠠᠨ ᠤ ᠡᠷᠦᠬᠡ ᠠᠮᠠ ᠣᠷᠣᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠡᠵᠡᠩᠨᠡᠯᠲᠡ ᠶᠢᠨ ᠣᠷᠴᠢᠨ ᠲᠣᠭᠤᠷᠢᠨ ᠢ ᠶᠡᠬᠡᠪᠡᠷ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ ᠂ ᠪᠦᠬᠦ ᠬᠦᠴᠦᠨ ᠢᠶᠠᠷ ᠠᠬᠢᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠲᠣᠭᠲᠠᠭᠤᠨ ᠢᠶᠠᠷ ᠦᠢᠯᠡᠳᠪᠦᠷᠢᠯᠡᠵᠦ ᠡᠵᠡᠩᠨᠡᠬᠦ ᠶᠢ ᠪᠠᠲᠤᠯᠠᠬᠤ ᠬᠡᠷᠡᠭᠲᠡᠢ᠃ ᠬᠠᠮᠵᠢᠯᠴᠠᠨ ᠬᠥᠭᠵᠢᠬᠦ ᠲᠣᠭᠲᠠᠴᠠ ᠶᠢ ᠢᠳᠡᠪᠬᠢᠲᠡᠢ ᠪᠠᠶᠢᠭᠤᠯᠵᠤ᠂ ᠡᠷᠬᠢᠨ ᠲᠣᠭᠤᠷᠢᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠯᠤᠭ᠎ᠠ ᠶᠢᠨ ᠬᠥᠭᠵᠢᠯᠲᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠡᠯᠡ ᠬᠤᠷᠠᠮᠳᠤᠭᠤᠯᠬᠤ ᠳᠤ ᠬᠦᠴᠢᠷ ᠵᠡᠷᠭᠡ ᠠᠰᠠᠭᠤᠳᠠᠯ ᠢ ᠢᠳᠡᠪᠬᠢᠲᠡᠢ ᠬᠠᠪᠰᠤᠷᠤᠨ ᠰᠢᠢᠳᠪᠦᠷᠢᠯᠡᠵᠦ᠂ ᠣᠷᠣᠨ ᠨᠤᠲᠤᠭ ᠤᠨ ᠠᠵᠤ ᠠᠬᠤᠶᠢᠯᠠᠯ ᠤᠨ ᠭᠠᠷ ᠬᠤᠯᠪᠣᠨ ᠬᠠᠮᠲᠤᠪᠠᠷ ᠤᠷᠤᠭᠰᠢᠯᠠᠬᠤ᠂ ᠬᠠᠮᠲᠤᠪᠠᠷ ᠠᠰᠢᠭ ᠬᠦᠷᠳᠡᠬᠦ ᠶᠢ ᠠᠬᠢᠭᠤᠯᠬᠤ ᠬᠡᠷᠡᠭᠲᠡᠢ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号