ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠨ ᠨᠢᠭᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/8
     7 ᠰᠠᠷ᠎ᠠ ᠶᠢᠨ 2 ᠤᠨ ᠡᠳᠦᠷ᠂ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠬᠤ ᠶᠢᠨ ᠬᠤᠷᠢᠶᠠᠨ ᠤ ᠭᠤᠴᠢᠨ ᠨᠢᠭᠡᠳᠦᠭᠡᠷ ᠬᠤᠷᠠᠯ ᠬᠤᠷᠠᠯᠳᠤᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠬᠤ ᠶᠢᠨ ᠬᠤᠷᠢᠶᠠᠨ ᠤ ᠡᠷᠭᠢᠯᠡᠭᠴᠢ ᠭᠦᠩ ᠬᠤᠸᠠ ᠬᠤᠷᠠᠯ ᠡᠷᠭᠢᠯᠡᠵᠦ᠂ ᠲᠡᠳ᠋ ᠡᠷᠭᠢᠯᠡᠭᠴᠢ ᠵᠠᠩ ᠰᠢᠤ ᠴᠦᠨ᠂ ᠹᠧᠩ ᠴᠧᠩ ᠯᠢᠶᠠᠩ ᠵᠢᠴᠢ 22 ᠭᠡᠰᠢᠭᠦᠨ ᠬᠤᠷᠠᠯ ᠳᠤ ᠣᠷᠣᠯᠴᠠᠵᠠᠶ᠃ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠬᠥᠩ ᠰᠢ ᠯᠢᠶᠠᠩ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠯᠠᠨ ᠬᠠᠶ ᠲᠤᠤ᠂ ᠰᠢᠭᠦᠬᠦ ᠬᠤᠷᠢᠶᠠᠨ ᠤ ᠳᠡᠳ᠋ ᠳᠠᠷᠤᠭ᠎ᠠ ᠬᠤᠤ  ᠸᠧᠡ ᠵᠢᠶᠦ᠋ᠨ᠂ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠯᠢᠦ ᠹᠤᠩ ᠵᠢᠴᠢ ᠬᠡᠰᠡᠭ ᠬᠤᠲᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃
     ᠬᠤᠷᠠᠯ ᠠᠴᠠ ᠪᠠᠲᠤᠯᠠᠯᠲᠠ ᠬᠢᠵᠦ᠂ ᠬᠡᠷᠡᠯ ᠨᠥᠬᠦᠷ ᠤᠨ ᠳᠠᠷᠬᠠᠨ ᠮᠤᠤ ᠶᠢᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠭᠥᠯᠢᠶᠡᠨ ᠠᠪᠬᠤ ᠲᠤᠬᠠᠶ ᠲᠣᠭᠲᠠᠭᠠᠯ ︵ᠲᠥᠰᠦᠯ︶᠂ ᠶᠣᠣ ᠫᠸᠢ ᠴᠢᠩ ᠨᠥᠬᠦᠷ ᠤᠨ ᠳᠠᠷᠬᠠᠨ ᠮᠤᠤ ᠶᠢᠨ ᠬᠤᠯᠪᠣᠭᠠᠲᠤ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠭᠥᠯᠢᠶᠡᠨ ᠠᠪᠬᠤ ᠲᠤᠬᠠᠶ ᠲᠣᠭᠲᠠᠭᠠᠯ ︵ᠲᠥᠰᠦᠯ︶᠂ ᠴᠢᠦᠶ ᠨᠢᠩ ᠨᠥᠬᠦᠷ ᠤᠨ ᠳᠠᠷᠬᠠᠨ ᠮᠤᠤ ᠶᠢᠨ ᠬᠤᠯᠪᠣᠭᠠᠲᠤ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢ ᠣᠷᠣᠯᠠᠬᠤ ᠲᠤᠬᠠᠶ ᠲᠣᠭᠲᠠᠭᠠᠯ ︵ᠲᠥᠰᠦᠯ︶ ᠢ ᠪᠠᠲᠤᠯᠠᠪᠠ᠃ ᠬᠤᠷᠠᠯ ᠠᠴᠠ ᠪᠢᠯᠧᠲ ᠥᠭᠴᠦ ᠪᠠᠲᠤᠯᠠᠬᠤ ᠪᠠᠷ ᠳᠡᠮᠵᠢᠨ᠂ ᠵᠠᠩ ᠪᠠᠭᠠᠨ᠎ᠠ᠂ ᠯᠢ ᠵᠢᠶᠧ᠂ ᠳ᠋ᠦᠩ ᠺᠠᠶ ᠵᠡᠷᠭᠡ 3 ᠨᠥᠬᠦᠷ ᠢ  ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠲᠣᠮᠢᠯᠠᠵᠤ᠂ ᠴᠢᠦᠶ ᠨᠢᠩ ᠢ ᠲᠠᠷᠬᠠᠨ ᠮᠤᠤᠮᠢᠩᠭᠭᠠᠨ ᠬᠤᠯᠪᠣᠭᠠᠲᠤ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ᠂ ᠣᠷᠣᠯᠠᠭᠴᠢ ᠡᠷᠬᠢᠯᠡᠭᠴᠢ ᠪᠠᠷ ᠲᠣᠮᠢᠯᠠᠵᠤ᠂ ᠰᠢᠤᠢ ᠵᠢᠩ ᠢ  ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠪᠠᠷ ᠲᠣᠮᠢᠯᠠᠪᠠ᠃
     
     ᠵᠠᠩ ᠪᠠᠭᠠᠨ᠎ᠠ᠂ ᠴᠢᠦᠶ ᠨᠢᠩ᠂ ᠯᠢ ᠵᠢᠶᠧ᠂ ᠳ᠋ᠦᠩ ᠺᠠᠶ᠂ ᠰᠢᠤᠢ ᠵᠢᠩ ᠵᠡᠷᠭᠡ ᠰᠢᠨ᠎ᠡ ᠪᠠᠷ ᠲᠤᠰᠢᠶᠠᠯ ᠳᠤ ᠲᠣᠮᠢᠯᠠᠭᠰᠠᠨ ᠨᠥᠬᠦᠳ ᠬᠠᠮᠲᠤ ᠪᠠᠷ ᠦᠨᠳᠦᠰᠦᠨ ᠬᠠᠤᠯᠢ ᠳᠤ ᠲᠠᠩᠭᠠᠷᠢᠭᠯᠠᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠰᠠᠨ 4 ᠰᠢᠶᠠᠨ ᠤ ᠱᠠᠲᠤᠨ ᠤ ᠤᠳᠤᠷᠢᠳᠤᠯᠭ᠎ᠠ ᠬᠤᠷᠠᠯ ᠳᠡᠭᠡᠷ᠎ᠡ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号