ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠵᠤ ᠣᠯᠤᠯᠲᠠ ᠲᠥᠷᠥᠭᠳᠡᠯ ᠢᠶᠠᠨ ᠰᠣᠯᠢᠯᠴᠠᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ ᠵᠢᠶᠠ ᠪᠦᠦ ᠯᠢᠶᠠᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2021/7/8
     7 ᠰᠠᠷ᠎ᠠ ᠶᠢᠨ 3 ᠤ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠳᠠᠬᠢᠨ ᠰᠤᠷᠤᠯᠴᠠᠨ᠂ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠤᠴᠢᠨ ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠤ᠂ ︽︿ᠤᠭ ᠰᠠᠨᠠᠭ᠎ᠠ ᠪᠠᠨ ᠦᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠎ᠡ﹀ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠤᠬᠡ ᠶᠢᠨ ᠦᠵᠡᠭᠦᠯᠦᠯᠭᠡ︾ ᠶᠢ ᠲᠣᠭᠤᠷᠢᠨ ᠦᠵᠡᠬᠦ ᠪᠠ ︿ᠲᠤᠯᠤᠭᠠᠨ ᠰᠠᠷ᠎ᠠ ᠶᠢᠨ ᠨᠢᠭᠡᠨ ᠤ ᠭᠠᠪᠢᠶᠠᠨ ᠲᠡᠮᠳᠡᠭ﹀ ᠤᠨ ᠱᠠᠩᠨᠠᠯ ᠣᠯᠭᠤᠬᠤ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠰᠢᠭᠤᠨ ᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ︔ ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ 251᠂ 252 ᠤᠳᠠᠭ᠎ᠠ ᠶᠢᠨ ᠪᠠᠶᠢᠩᠬᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠰᠢᠭᠤᠨ ᠤ ᠠᠶᠤᠯᠭᠦᠶ ᠦᠢᠯᠡᠳᠪᠦᠷᠢᠯᠡᠯ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠬᠤᠲᠠ ᠶᠢ ᠡᠭᠦᠳᠴᠦ ᠡᠷᠡᠭᠦᠯ ᠬᠠᠮᠠᠭᠠᠯᠠᠯ ᠢ ᠴᠣᠭᠴᠠᠯᠠᠬᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠷᠠᠯ ᠡᠷᠭᠢᠯᠡᠪᠡ᠃
      ᠬᠤᠷᠠᠯ ᠳᠡᠭᠡᠷ᠎ᠡ᠂ ᠬᠤᠰᠢᠭᠤᠨ ᠤ ᠤᠳᠤᠷᠢᠳᠤᠯᠭ᠎ᠠ ᠱᠢ ᠵᠥᠩ ᠴᠢᠨ᠂ ᠵᠠᠩ ᠪᠠᠭᠠᠨ᠎ᠠ᠂ ᠯᠢᠦ ᠷᠦᠢ ᠯᠦᠩ᠂ ᠯᠢᠦ ᠶᠧ᠂ ᠵᠠᠩ ᠰᠢᠤ ᠴᠦᠨ᠂ ᠪᠠᠲᠤᠴᠢᠯᠠᠭᠤ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠦᠵᠡᠯ ᠰᠠᠨᠠᠭ᠎ᠠ ᠭᠦᠨ ᠭᠦᠨᠵᠡᠭᠡᠶ᠂ ᠠᠭᠤᠯᠬᠤᠨ ᠡᠯᠪᠡᠭ ᠪᠠᠶᠠᠯᠢᠭ᠂ ᠵᠠᠭᠤᠨ ᠵᠢᠯ ᠤᠨ ᠨᠠᠮ ᠤᠨ ᠲᠡᠦᠬᠡ ᠠᠴᠠ ᠪᠢᠳᠡᠨ ᠳᠤ ᠣᠯᠭᠤᠭᠰᠠᠨ ᠲᠤᠷᠰᠢᠯᠭ᠎ᠠ ᠶᠢᠨ ᠰᠡᠩᠬᠡᠷᠡᠭᠦᠯᠦᠯ ᠢ ᠭᠦᠨᠵᠡᠭᠡᠢ ᠳ᠋ᠦᠩᠨᠡᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠰᠢᠨᠵᠢᠯᠡᠬᠦ ᠤᠬᠠᠭᠠᠨᠴᠢ ᠪᠠᠷ ᠬᠤᠷᠢᠶᠠᠩᠭᠤᠶᠢᠯᠠᠵᠤ᠂ ᠰᠢᠨ᠎ᠡ ᠠᠶᠠᠨ ᠵᠠᠮ ᠳᠤ ᠲᠡᠦᠬᠡ ᠪᠠᠷ ᠲᠤᠯᠢ ᠪᠣᠯᠭᠠᠬᠤ᠂ ᠢᠷᠡᠭᠡᠳᠦᠢ ᠶᠢᠨ ︽ᠶᠢᠰᠦᠨ ᠡᠷᠬᠡᠪᠰᠢ︾ ᠶᠢ ᠡᠭᠦᠳᠬᠦ ᠴᠢᠬᠤᠯᠠ ᠱᠠᠭᠠᠷᠳᠠᠯᠭ᠎ᠠ ᠶᠢ ᠢᠯᠡ ᠲᠣᠳᠣᠷᠬᠠᠢ ᠳᠤᠷᠠᠳᠴᠤ᠂ ᠪᠢᠳᠡᠨ ᠤ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠤᠬᠠᠮᠰᠠᠷ ᠠᠴᠠ ᠪᠠᠨ ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠠᠳᠬᠤᠵᠤ ᠪᠣᠳᠠᠲᠠᠶ ᠠᠳᠬᠤᠵᠤ ᠰᠠᠶᠢᠲᠤᠷ ᠠᠳᠬᠤᠬᠤ ᠬᠡᠷᠡᠭᠲᠡᠶ᠃ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠬᠤᠪᠢᠰᠬᠠᠯ ᠤᠨ ᠭᠧᠨ ᠢ ᠤᠯᠠᠮᠵᠢᠯᠠᠵᠤ᠂ ᠤᠬᠠᠮᠰᠠᠷ ᠠᠴᠠ ᠪᠠᠨ ᠨᠠᠮ ᠤᠨ ᠵᠠᠭᠤᠨ ᠵᠢᠯ ᠤᠨ ᠲᠡᠮᠡᠴᠡᠯ ᠤᠨ ᠭᠡᠷᠡᠯ ᠰᠠᠴᠤᠷᠠᠩᠭᠤᠢ ᠥᠩᠭᠡᠷᠡᠯᠲᠡ ᠪᠣᠯᠤᠨ ᠡᠷᠬᠢᠮ ᠨᠠᠨᠳᠢᠨ ᠲᠤᠷᠰᠢᠯᠭ᠎ᠠ ᠠᠴᠠ ᠡᠷᠡᠯᠬᠡᠭᠯᠡᠨ ᠤᠷᠤᠭᠰᠢᠯᠠᠬᠤ ᠬᠦᠴᠦᠷᠬᠡᠭ ᠶᠡᠭᠡ ᠬᠦᠴᠦᠨ ᠢ ᠰᠢᠩᠭᠡᠭᠡᠨ ᠠᠪᠬᠤ ᠬᠡᠷᠡᠭᠲᠡᠢ᠃ ᠰᠢᠯᠢᠳᠡᠭ ᠰᠤᠷᠤᠯᠴᠠᠬᠤ ᠰᠤᠷᠲᠠᠯ ᠢ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠤᠬᠠᠮᠰᠠᠷ ᠠᠴᠠ ᠪᠠᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠢ ᠦᠨᠡᠨᠬᠦ ᠪᠠᠲᠤᠯᠠᠨ ᠰᠠᠶᠢᠵᠢᠷᠠᠭᠤᠯᠬᠤ ᠬᠡᠷᠡᠭᠲᠡᠢ᠃
      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠪᠣᠳᠠᠲᠠᠶ ᠠᠵᠢᠯ ᠲᠠᠢ ᠤᠶᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠭᠤᠣᠯᠳᠠᠯᠭ᠎ᠠ ᠪᠠᠨ ᠴᠠᠭ ᠤᠨ ᠪᠠᠶᠢᠳᠠᠯ ᠳᠤ ᠲᠣᠬᠢᠷᠠᠭᠤᠯᠤᠨ ᠲᠣᠬᠢᠷᠠᠭᠤᠯᠵᠤ᠂ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠬᠤ᠂ ᠪᠦᠲᠦᠭᠡᠨ ᠪᠠᠶᠢᠭᠤᠯᠬᠤ ᠵᠦᠢᠯᠡᠰ ᠤᠨ ᠪᠦᠲᠦᠭᠡᠨ ᠪᠠᠶᠢᠭᠤᠯᠤᠯᠲᠠ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠨᠡᠶᠢᠭᠡᠮ ᠠᠷᠠᠳ ᠤᠨ ᠠᠮᠢᠳᠤᠷᠠᠯ᠂ ᠦᠨᠳᠦᠰᠦᠲᠡᠨ ᠱᠠᠰᠢᠨ ᠰᠤᠷᠲᠠᠬᠤᠨ᠂ ᠨᠠᠮ ᠤᠨ ᠪᠠᠶᠢᠭᠤᠯᠤᠯᠲᠠ ᠶᠢᠨ ᠠᠵᠢᠯ ᠵᠡᠷᠭᠡ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠬᠤᠷᠠᠯ ᠠᠴᠠ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠥᠷᠨᠢᠭᠦᠯᠵᠦ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠮᠠᠨ ᠤ ᠬᠤᠰᠢᠭᠤᠨ ᠤ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠭᠤᠳᠠᠯᠤᠨ ᠠᠰᠢᠭᠯᠠᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠡᠯ᠎ᠡ ᠵᠦᠶ᠋ᠯ ᠤᠨ ᠠᠵᠢᠯ ᠲᠠᠢ ᠤᠶᠠᠯᠳᠤᠭᠤᠯᠵᠤ᠂ ᠨᠠᠶᠢᠳᠠᠪᠤᠷᠢᠵᠢᠭᠤᠯᠤᠯᠲᠠ ᠶᠢ ᠦᠨᠡᠨᠬᠦ ᠠᠳᠬᠤᠨ᠂ ᠨᠠᠮ ᠤᠨ ᠲᠡᠤᠬᠡ ᠶᠢᠨ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠬᠡᠷᠡᠭᠲᠡᠶ᠃ ᠬᠤᠳᠠ ᠶᠢ ᠴᠣᠭᠴᠠᠯᠠᠨ ᠪᠠᠶᠢᠭᠤᠯᠵᠤ ᠡᠷᠡᠭᠦᠯ ᠬᠠᠮᠠᠭᠠᠯᠠᠯ ᠢ ᠴᠣᠭᠴᠠᠯᠠᠨ ᠪᠠᠶᠢᠭᠤᠯᠬᠤ ᠠᠵᠢᠯ ᠤᠨ ᠴᠢᠬᠤᠯᠠ ᠴᠢᠨᠠᠷ᠂ ᠲᠤᠯᠭᠠᠮ᠎ᠠ ᠰᠡᠳᠬᠢᠯᠭᠡ ᠶᠢ ᠭᠦᠢᠴᠡᠳ ᠲᠠᠨᠢᠵᠤ᠂ ᠪᠦᠬᠦ ᠲᠠᠯ᠎ᠠ ᠪᠠᠷ ᠲᠠᠶᠢᠴᠢᠯᠠᠵᠦ᠂ ᠪᠦᠬᠦ ᠴᠠᠷᠠᠭ᠎ᠠ ᠪᠠᠷ ᠠᠬᠢᠭᠤᠯᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠠᠶᠢᠩᠭᠤᠵᠢᠭᠰᠠᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠵᠣᠯ ᠵᠢᠷᠭᠠᠯᠲᠤ ᠬᠤᠲᠠ ᠪᠠᠯᠭᠠᠰᠤ ᠶᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠲᠤᠬᠠᠶ ᠡᠯ᠎ᠡ ᠵᠦᠶ᠋ᠯ ᠤᠨ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠠᠷᠢᠮᠵᠢᠶ᠎ᠠ ᠲᠠᠢ ᠬᠠᠷᠭᠤᠭᠤᠯᠵᠤ᠂ ᠠᠵᠢᠯ ᠤᠨ ᠪᠠᠷᠢᠮᠵᠢᠶ᠎ᠠ ᠶᠢ ᠪᠠᠭᠤᠷᠠᠭᠤᠯᠬᠤ ᠥᠬᠡᠶ᠂ ᠡᠷᠴᠢᠮ ᠢ ᠰᠤᠯᠠᠷᠠᠭᠤᠯᠬᠤ ᠥᠬᠡᠶ᠂ ᠬᠠᠷᠠᠯᠲᠠ ᠶᠢ ᠬᠤᠪᠢᠷᠠᠭᠤᠯᠬᠤ ᠥᠬᠡᠶ ᠪᠠᠶᠢᠬᠤ ᠶᠢ ᠪᠠᠲᠤᠯᠠᠵᠤ᠂ ᠠᠷᠬᠠᠭ ᠬᠡᠮ ᠢ ᠪᠦᠲᠦᠮᠵᠢᠲᠡᠶ ᠴᠡᠭᠴᠡᠯᠡᠨ ᠵᠠᠰᠠᠵᠤ᠂ ᠲᠠᠷᠠᠭᠠᠴᠢ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠪᠠᠲᠤᠯᠠᠬᠤ ᠬᠡᠷᠡᠭᠲᠡᠶ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号