ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠴᠠᠬᠢᠯᠭᠠᠨ ᠲᠤᠭᠤᠢ ᠲᠡᠷᠭᠡᠨ ᠳᠤ ᠫᠠᠶᠢᠰᠠ ᠲᠡᠮᠳᠡᠭ ᠦᠭᠬᠦ ᠠᠵᠢᠯᠯᠠᠭ᠎ᠠ ᠡᠬᠢᠯᠡᠯ᠎ᠡ
ᠨᠡᠶᠢᠲᠡᠯᠡᠭᠰᠡᠨ ᠴᠠᠭ᠄
2021/8/16
      ᠤᠶᠢᠷ᠎ᠠ ᠶᠢᠨ ᠵᠢᠯ ᠤᠳ   ᠲᠤ᠂ ᠴᠠᠬᠢᠯᠭᠠᠨ ᠲᠡᠷᠭᠡ ᠬᠢᠮᠳᠠ ᠪᠦᠭᠡᠳ ᠲᠦᠭᠦᠮ ᠵᠡᠷᠭᠡ ᠤᠨᠴᠠᠯᠢᠭ ᠢᠶᠠᠷ   ᠢᠶᠠᠨ ᠤᠯᠠᠨ ᠲᠦᠮᠡᠨ ᠤ ᠴᠢᠬᠤᠯᠠ ᠵᠠᠮ ᠬᠠᠷᠢᠯᠴᠠᠭᠠᠨ ᠤ ᠪᠠᠭᠠᠵᠢ ᠪᠤᠯᠤᠭᠰᠠᠨ ᠪᠠᠶᠢᠨ᠎ᠠ᠃      8 ᠰᠠᠷ᠎ᠠ ᠶᠢᠨ12 ᠤ ᠡᠳᠦᠷ᠂ ᠪᠤᠭᠤᠳᠦ ᠬᠤᠳᠠ ᠶᠢᠨ ᠲᠤᠳᠤᠭᠠᠳᠦ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠪᠤᠷᠢ ᠠᠩᠭᠢ ᠴᠠᠬᠢᠯᠭᠠᠨ ᠲᠤᠭᠤᠢ  ᠲᠡᠷᠭᠡᠨ ᠤ  ᠵᠠᠮ ᠬᠠᠷᠢᠯᠴᠠᠭᠠᠨ ᠤ ᠠᠳᠡᠯ ᠢ ᠬᠠᠮᠤᠭ ᠶᠡᠭᠡ ᠬᠡᠮᠵᠢᠶ᠎ᠡ ᠪᠠᠷ ᠰᠡᠷᠭᠡᠶᠢᠯᠡᠨ ᠪᠠᠭᠠᠰᠬᠠᠵᠦ᠂ ᠠᠷᠠᠳ ᠤᠯᠠᠨ ᠤ ᠠᠮᠤᠷ ᠲᠦᠪᠰᠢᠨ ᠢ ᠪᠠᠳᠤᠯᠠᠬᠤ  ᠶᠢᠨ ᠲᠦᠯᠦᠭᠡ ᠲᠠᠷᠬᠠᠨ  ᠮᠤᠤᠮᠢᠩᠭᠠᠨ ᠬᠤᠯᠪᠤᠭᠠᠳᠦ ᠬᠤᠰᠢᠭᠤᠨ ᠤ ᠴᠠᠬᠢᠯᠭᠠᠨ ᠲᠤᠭᠤᠢ ᠲᠡᠷᠭᠡᠨ ᠳᠤ ᠫᠠᠶᠢᠰᠠ ᠦᠭᠬᠦ ᠠᠵᠢᠯᠯᠠᠭ᠎ᠠ ᠪᠠᠨ ᠡᠬᠢᠯᠡᠭᠦᠯᠦᠭᠰᠡᠨ ᠪᠠᠶᠢᠨ᠎ᠠ᠂ ᠡᠨᠡᠬᠦ ᠬᠦᠳᠡᠯᠭᠡᠭᠡᠨ ᠨᠢ ᠪᠦᠬᠦ ᠪᠤᠭᠤᠳᠦ ᠬᠤᠳᠠ ᠶᠢᠨ ᠬᠡᠪᠴᠢᠶᠡᠨ ᠳᠤ ᠶᠠᠪᠤᠭᠳᠠᠵᠦ  ᠪᠤᠢ᠃      ᠴᠠᠬᠢᠯᠭᠠᠨ ᠲᠤᠭᠤᠢ ᠲᠡᠷᠭᠡᠨ ᠤ ᠫᠠᠶᠢᠰᠠ ᠲᠡᠮᠳᠡᠭ ᠠᠪᠬᠤ ᠭᠠᠷ ᠭᠦᠢᠴᠡᠳᠭᠡᠯ ᠬᠢᠭᠦ ᠳᠤ ᠲᠡᠷᠬᠡᠨ ᠤ ᠬᠢᠷᠢ ᠲᠡᠩᠴᠡᠭᠰᠡᠨ ᠦᠨᠡᠮᠡᠯ᠂ ᠲᠡᠷᠭᠡ ᠬᠤᠳᠠᠯᠳᠤᠨ ᠠᠪᠤᠭᠰᠠᠨ ᠪᠠᠷᠢᠮᠳᠠ ︵ᠲᠡᠷᠭᠡ ᠬᠤᠳᠠᠯᠳᠤᠨ ᠠᠪᠤᠭᠰᠠᠨ ᠪᠠᠷᠢᠮᠳᠠ ᠦᠭᠡᠢ ᠪᠤᠯ᠂ ᠲᠡᠷᠭᠡᠨ ᠤ ᠡᠵᠡᠨ ᠨᠢ ᠲᠤᠬᠠᠢ ᠶᠢᠨ ᠲᠠᠯᠠᠪᠤᠷ ᠲᠤ ᠲᠡᠷᠭᠡᠨ ᠤ ᠢᠷᠡᠯᠳᠡ ᠶᠢᠨ ᠬᠠᠥᠯᠢ ᠶᠤᠰᠤᠨ ᠳᠤ ᠨᠡᠶᠢᠴᠡᠭᠰᠡᠨ ᠠᠮᠠᠯᠠᠯᠳᠠ ᠶᠢᠨ ᠪᠢᠴᠢᠭ ᠲᠤ ᠭᠠᠷ ᠤᠨ ᠦᠰᠦᠭ ᠵᠢᠷᠤᠬᠤ ᠬᠡᠷᠡᠭᠲᠡᠢ︶᠂ ᠭᠠᠷ ᠤᠳᠠᠰᠦ᠂ ᠲᠡᠷᠭᠡᠨ ᠡᠵᠡᠨ ᠤ ᠪᠡᠶ᠎ᠡ ᠶᠢᠨ ᠦᠨᠡᠮᠡᠯ ᠢᠶᠠᠨ ᠠᠪᠬᠤ ᠴᠢᠬᠤᠯᠠᠳᠠᠢ᠃       ᠲᠤᠰ ᠤᠳᠠᠭᠠᠨ ᠤ ᠠᠵᠢᠯᠯᠠᠭ᠎ᠠ ᠨᠢ ᠮᠠᠨ ᠤ ᠬᠤᠰᠢᠭᠤᠨ ᠤ ᠴᠠᠬᠢᠯᠭᠠᠨ ᠲᠤᠭᠤᠢ ᠲᠡᠷᠭᠡᠨ ᠤ ᠠᠮᠤᠷ ᠲᠦᠪᠰᠢᠨ ᠤ ᠬᠠᠮᠢᠶᠠᠷᠤᠯᠳᠠ ᠶᠢ ᠴᠢᠩᠭᠠᠳᠬᠠᠨ᠂ ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠵᠦ᠂ ᠬᠤᠳᠠ ᠶᠢᠨ ᠠᠷᠠᠳ ᠤᠨ ᠪᠤᠯᠪᠠᠰᠤᠨ ᠬᠤᠳᠠ ᠶᠢ ᠪᠦᠳᠦᠭᠡᠨ ᠪᠠᠶᠢᠭᠤᠯᠬᠤ ᠦᠵᠡᠯ ᠤᠬᠠᠮᠰᠠᠷ ᠢ ᠲᠡᠭᠡᠭᠰᠢᠯᠡᠭᠦᠯᠬᠦ ᠪᠤᠯᠤᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号