ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠤᠳᠤᠷᠢᠳᠤᠯᠭ᠎ᠠ ᠮᠠᠨ ᠤ ᠬᠤᠰᠢᠭᠤᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠰᠣᠶᠣᠯ ᠤᠨ ᠢᠯᠡ ᠪᠠᠯᠭᠠᠰᠤ ᠶᠢ ᠬᠢᠨᠠᠨ ᠲᠣᠭᠲᠠᠭᠠᠬᠤ ᠠᠵᠢᠯ ᠤᠨ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ
ᠨᠡᠶᠢᠲᠡᠯᠡᠭᠰᠡᠨ ᠴᠠᠭ᠄
2021/8/2
     7 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠲᠣᠰᠬᠤᠨ ᠪᠠᠯᠭᠠᠰᠤᠨ ᠤ ᠰᠠᠯᠠᠭᠠᠨ ᠳᠠᠷᠤᠭ᠎ᠠ ᠸᠧᠶ ᠶᠦᠩ ᠯᠢᠶᠠᠩ᠂ ᠳᠡᠳ᠋ ᠰᠠᠯᠠᠭᠠᠨ ᠳᠠᠷᠤᠭ᠎ᠠ ᠸᠠᠩ ᠳ᠋ᠦᠩ᠂ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠬᠠᠭᠤᠴᠢ ᠰᠤᠳᠤᠯᠤᠯ ᠤᠨ ᠭᠠᠵᠠᠷ ᠤᠨ ᠳᠡᠳ᠋ ᠳᠠᠷᠤᠭ᠎ᠠ ᠰᠢᠩ ᠶᠠᠨ ᠶᠠᠨ ᠪᠠᠲᠤᠬᠠᠭᠠᠯᠭ᠎ᠠ ᠪᠠᠯᠭᠠᠰᠤᠨ ᠤ ᠲᠡᠤᠬᠡ ᠰᠣᠶᠣᠯ ᠤᠨ ᠨᠠᠷᠠᠲᠤ ᠪᠠᠯᠭᠠᠰᠤ ᠶᠢ ᠦᠨᠡᠯᠡᠨ ᠬᠢᠨᠠᠬᠤ ᠲᠤᠬᠠᠶ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠪᠠᠲᠤᠬᠠᠭᠠᠯᠭ᠎ᠠ ᠪᠠᠯᠭᠠᠰᠤᠨ ᠤ ᠲᠡᠤᠬᠡ ᠰᠣᠶᠣᠯ ᠤᠨ ᠨᠠᠷᠠᠲᠤ ᠪᠠᠯᠭᠠᠰᠤ ᠶᠢ ᠭᠤᠶᠤᠴᠢᠯᠠᠬᠤ ᠲᠤᠬᠠᠶ ᠶᠠᠷᠢᠯᠴᠠᠬᠤ ᠬᠤᠷᠠᠯ ᠬᠢᠪᠠ᠃ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠪᠠᠲᠤᠬᠠᠭᠠᠯᠭ᠎ᠠ ᠶᠢᠨ ᠠᠷᠠᠳ ᠤᠨ ᠵᠠᠰᠠᠭ ᠤᠨ ᠣᠷᠳᠣᠨ ᠵᠡᠷᠭᠡ ᠬᠠᠮᠢᠶ᠎ᠠ ᠪᠥᠬᠦᠶ ᠤᠳᠤᠷᠢᠳᠤᠯᠭ᠎ᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠳ᠋ᠠᠨᠱᠠᠨ ᠤ ᠬᠠᠯᠬᠠᠪᠴᠢ ᠭᠠᠵᠠᠷ᠂ ᠪᠠᠲᠤᠬᠠᠭᠠᠯᠭ᠎ᠠ ᠶᠢᠨ ᠶᠠᠫᠣᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ ᠣᠷᠳᠣᠨ᠂ ᠭᠤᠸᠠᠩ ᠹᠦ᠋ ᠰᠧ ᠬᠡᠶᠢᠳ ᠵᠢᠴᠢ ᠠᠶᠢᠮᠠᠭ ᠤᠨ ᠵᠠᠬᠢᠷᠭ᠎ᠠ ᠶᠢᠨ ᠬᠤᠳᠠ ᠶᠢᠨ ᠪᠠᠭᠤᠷᠢ ᠶᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠬᠤᠯᠪᠣᠭᠳᠠᠯ ᠪᠦᠬᠦᠢ ᠠᠵᠢᠯ ᠥᠷᠨᠢᠭᠦᠯᠦᠭᠰᠡᠨ ᠪᠠᠶᠢᠳᠠᠯ ᠢ ᠣᠶᠢᠯᠠᠭᠠᠵᠤ᠂ ᠦᠨᠳᠦᠰᠦᠨ ᠱᠠᠲᠤᠨ ᠤ ᠰᠠᠨᠠᠯ ᠰᠠᠨᠠᠭᠤᠯᠭ᠎ᠠ ᠶᠢ ᠰᠣᠨᠣᠰᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ  ᠲᠤᠪᠴᠢᠶ᠎ᠠ ᠪᠣᠯᠤᠨ ᠪᠠᠯᠭᠠᠰᠤᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃       ᠶᠠᠷᠢᠯᠴᠠᠬᠤ ᠬᠤᠷᠠᠯ ᠳᠡᠭᠡᠷ᠎ᠡ᠂ ᠸᠧᠢ ᠶᠦᠩ ᠯᠢᠶᠠᠩ ᠡᠩ ᠲᠡᠷᠢᠭᠦᠨ ᠳᠤ ᠲᠡᠦᠬᠡ ᠰᠣᠶᠣᠯ ᠤᠨ ᠨᠡᠷᠡᠳᠦ ᠪᠠᠯᠭᠠᠰᠤ ᠨᠡᠷᠡᠳᠦ ᠲᠣᠰᠬᠤᠨ ᠳᠤ ᠠᠵᠢᠯ ᠮᠡᠳᠡᠭᠦᠯᠬᠦ ᠴᠢᠬᠤᠯᠠ ᠴᠣᠬᠤᠯᠠᠪᠤᠷᠢ ᠶᠢ ᠤᠯᠠᠮᠵᠢᠯᠠᠵᠤ᠂ ᠪᠠᠲᠤᠬᠠᠭᠠᠯᠭ᠎ᠠ ᠪᠠᠯᠭᠠᠰᠤ ᠶᠢᠨ ᠲᠡᠦᠬᠡ ᠶᠢᠨ ᠨᠡᠷᠡᠳᠦ ᠪᠠᠯᠭᠠᠰᠤ ᠶᠢ ᠭᠤᠶᠤᠴᠢᠯᠠᠬᠤ ᠳᠤ ᠬᠢᠭᠰᠡᠨ ᠡᠮᠦᠨᠡᠬᠢ ᠬᠤᠭᠤᠴᠠᠭᠠᠨ ᠤ ᠠᠵᠢᠯ ᠢ ᠨᠤᠲᠠᠯᠠᠪᠠ᠃ ᠲᠡᠷᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠲᠡᠦᠬᠡ ᠰᠣᠶᠣᠯ ᠤᠨ ᠥᠪ ᠢ ᠬᠠᠮᠠᠭᠠᠯᠠᠬᠤ ᠲᠤᠬᠠᠢ ᠠᠯᠢ ᠤᠯᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠲᠡᠦᠬᠡ ᠰᠣᠶᠣᠯ ᠤᠨ ᠨᠡᠷᠡᠳᠦ ᠪᠠᠯᠭᠠᠰᠤ ᠵᠢᠴᠢ ᠤᠯᠠᠮᠵᠢᠯᠠᠯᠲᠤ ᠲᠣᠰᠬᠤᠨ ᠢ ᠬᠠᠮᠠᠭᠠᠯᠠᠨ ᠬᠥᠭᠵᠢᠭᠦᠯᠬᠦ ᠲᠡᠦᠬᠡ ᠶᠢᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠳᠠᠷᠠᠭ᠎ᠠ ᠨᠢ᠂ ᠰᠢᠩ ᠶᠠᠨ ᠶᠠᠨ ᠰᠣᠶᠣᠯ ᠵᠤᠭᠠᠴᠠᠯ ᠤᠨ  ᠲᠤᠪᠴᠢᠶ᠎ᠠ ᠶᠢᠨ ᠲᠡᠦᠬᠡ ᠰᠣᠶᠣᠯ ᠤᠨ ᠨᠡᠷᠡᠳᠦ ᠪᠠᠯᠭᠠᠰᠤ ᠨᠡᠷᠡᠳᠦ ᠲᠣᠰᠬᠤᠨ ᠢ ᠭᠤᠶᠤᠴᠢᠯᠠᠨ ᠮᠡᠳᠡᠭᠦᠯᠬᠦ ᠠᠵᠢᠯ ᠤᠨ ᠲᠦᠷᠦ ᠶᠢᠨ ᠪᠤᠳᠤᠯᠭ᠎ᠠ ᠶᠢ ᠤᠯᠠᠮᠵᠢᠯᠠᠪᠠ᠃ ᠳᠠᠷᠠᠭ᠎ᠠ ᠨᠢ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠤᠳᠤᠷᠢᠳᠤᠯᠭ᠎ᠠ ᠪᠠᠲᠤᠬᠠᠭᠠᠯᠭ᠎ᠠ ᠪᠠᠯᠭᠠᠰᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠮᠡᠳᠡᠭᠦᠯᠦᠯᠲᠡ ᠶᠢᠨ ᠠᠵᠢᠯ ᠢ ᠬᠡᠷᠬᠢᠨ ᠥᠷᠨᠢᠭᠦᠯᠬᠦ᠂ ᠮᠡᠳᠡᠭᠦᠯᠦᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠬᠠᠷᠢᠭᠤ ᠮᠡᠳᠡᠭᠦᠯᠪᠡ᠂ ᠲᠠᠷᠠᠭᠠᠴᠢ ᠶᠢᠨ ᠠᠯᠬᠤᠮ ᠳᠤ᠂ ᠨᠠᠩ ᠥᠷᠭᠡᠨ ᠬᠠᠷᠠᠭᠠᠰᠤ᠂ ᠨᠠᠩ ᠥᠨᠳᠥᠷ ᠲᠦᠪᠰᠢᠨ ᠢᠶᠠᠷ ᠲᠡᠤᠬᠡ ᠰᠣᠶᠣᠯ ᠤᠨ ᠨᠠᠷᠠᠲᠤ ᠪᠠᠯᠭᠠᠰᠤ ᠶᠢ ᠰᠠᠶᠢᠲᠤᠷ ᠬᠠᠮᠠᠭᠠᠯᠠᠨ ᠬᠥᠭᠵᠢᠭᠦᠯᠵᠦ᠂ ᠨᠥᠯᠥᠭᠡᠯᠡᠬᠦ ᠬᠦᠴᠦᠨ ᠢ ᠨᠢ ᠲᠠᠰᠤᠷᠠᠯᠲᠠ ᠥᠬᠡᠶ ᠢᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠪᠠᠷ ᠥᠨᠳᠥᠷ ᠲᠦᠪᠰᠢᠨ ᠤ ᠬᠠᠮᠠᠭᠠᠯᠠᠯᠲᠠ ᠶᠢ ᠠᠬᠢᠭᠤᠯᠵᠤ᠂ ᠥᠨᠳᠥᠷ ᠲᠦᠪᠰᠢᠨ ᠤ ᠬᠠᠮᠠᠭᠠᠯᠠᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠢᠯᠡᠷᠡᠭᠦᠯᠬᠦ ᠬᠡᠷᠡᠭᠲᠡᠶ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号