ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠲᠠᠯ᠎ᠠ ᠨᠤᠲᠤᠭ ᠤᠨ ᠨᠣᠮ ᠤᠨ ᠥᠷᠥᠭᠡ︾ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠲᠣᠰᠣ ᠨᠡᠮᠡᠬᠦ ᠥᠷᠲᠡᠭᠡ︾
ᠨᠡᠶᠢᠲᠡᠯᠡᠭᠰᠡᠨ ᠴᠠᠭ᠄
2021/8/27
     ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠱᠤᠸᠠᠩ ᠲᠠ ᠵᠡᠭᠡᠯᠢ ᠶᠢᠨ ᠨᠡᠶᠢᠭᠡᠮ ᠲᠣᠭᠤᠷᠢᠭ ᠤᠨ ︽ᠲᠠᠯ᠎ᠠ ᠨᠤᠲᠤᠭ ᠤᠨ ᠨᠣᠮ ᠤᠨ ᠥᠷᠥᠭᠡ︾ ᠳᠤ ᠣᠷᠣᠬᠤ ᠳᠤ᠂ ᠤᠷᠠᠨ  ᠨᠣᠮ ᠤᠨ ᠲᠠᠭᠤᠨ ᠬᠡᠷ ᠳᠣᠲᠣᠷ᠎ᠠ ᠠᠴᠠ ᠰᠣᠨᠣᠰᠳᠠᠨ᠎ᠠ᠃ ᠣᠶᠢᠷ᠎ᠠ ᠬᠠᠪᠢ ᠶᠢᠨ ᠰᠠᠭᠤᠭᠠᠯᠢ ᠠᠷᠠᠳ ᠥᠪᠡᠷ ᠤᠨ ᠰᠤᠯᠠ ᠰᠡᠯᠡᠭᠦᠦ ᠴᠠᠭ ᠢᠶᠠᠨ ᠠᠰᠢᠭᠯᠠᠨ ᠭᠠᠷ ᠤᠲᠠᠰᠤ ᠪᠠᠨ ᠲᠠᠯᠪᠢᠵᠤ ᠨᠡᠶᠢᠭᠡᠮ ᠲᠣᠭᠤᠷᠢᠭ ᠤᠨ ︽ᠲᠠᠯ᠎ᠠ ᠨᠤᠲᠤᠭ ᠤᠨ ᠨᠣᠮ ᠤᠨ ᠥᠷᠥᠭᠡ︾ ᠳᠤ ᠬᠦᠷᠴᠦ ᠰᠤᠷᠤᠯᠴᠠᠵᠤ ᠪᠠᠶᠢᠭ᠎ᠠ ᠨᠢ᠃ ᠲᠡᠳᠡ ᠨᠣᠮ ᠤᠨ ᠲᠠᠯᠪᠢᠭᠤᠷ ᠤᠨ ᠡᠮᠦᠨ᠎ᠡ ᠵᠣᠭᠰᠣᠨ ᠨᠠᠷᠢᠨ ᠨᠢᠮᠪᠠᠶ ᠰᠢᠯᠢᠨ ᠰᠣᠩᠭᠤᠬᠤ ᠪᠤᠶᠤ ᠪᠢᠴᠢᠭ ᠤᠨ ᠰᠢᠷᠡᠭᠡᠨ ᠤ ᠪᠠᠨ ᠡᠮᠦᠨ᠎ᠡ ᠰᠠᠭᠤᠵᠤ ᠪᠠᠷᠵᠠᠭᠠᠷ ᠲᠣᠮᠣ ᠭᠠᠷ ᠢᠶᠠᠷ ᠢᠶᠠᠨ ᠨᠣᠮ ᠪᠢᠴᠢᠭ ᠢ ᠪᠠᠷᠢᠵᠤ ᠨᠠᠷᠢᠨ ᠨᠢᠮᠪᠠᠶ ᠤᠩᠰᠢᠳᠠᠭ ᠪᠥᠭᠡᠳ ᠨᠣᠮ ᠪᠢᠴᠢᠭ ᠰᠤᠷᠬᠤ ᠪᠠᠷ ᠢᠷᠡᠭᠰᠡᠨ ᠪᠠ ᠵᠢᠭᠡᠯᠡᠨ ᠤᠩᠰᠢᠳᠠᠭ ᠬᠥᠮᠦᠰ ᠲᠠᠰᠤᠷᠠᠭ᠎ᠠ ᠦᠭᠡᠶ ᠴᠤᠪᠤᠷᠠᠵᠤ ᠪᠠᠶᠢᠳᠠᠭ᠃
     ᠨᠣᠮ ᠤᠨ ᠲᠠᠯᠪᠢᠭᠤᠷ ᠳᠡᠭᠡᠷᠡᠬᠢ ᠨᠣᠮ ᠤᠨ ᠭᠠᠷᠴᠠᠭ ᠢ ᠲᠡᠷᠢ ᠲᠡᠭᠰᠢ ᠳᠡᠯᠭᠡᠵᠦ᠂ ᠲᠦᠷᠦᠯ ᠵᠦᠢᠯ ᠨᠢ ᠲᠣᠳᠣᠷᠬᠠᠢ᠂ ᠨᠠᠮ ᠤᠨ ᠪᠠᠶᠢᠭᠤᠯᠤᠯᠲᠠ ᠶᠢᠨ ᠲᠦᠷᠦᠯ᠂ ᠤᠳᠬ᠎ᠠ ᠵᠣᠬᠢᠶᠠᠯ ᠤᠨ ᠲᠦᠷᠦᠯ᠂ ᠬᠡᠦᠬᠡᠳ ᠤᠨ ᠤᠩᠰᠢᠬᠤ ᠨᠣᠮ ᠤᠨ ᠲᠦᠷᠦᠯ᠂ ᠪᠠᠰᠠ ᠡᠯ᠎ᠡ ᠲᠦᠷᠦᠯ ᠤᠨ ᠲᠠᠷᠢᠵᠦ ᠲᠡᠵᠢᠭᠡᠬᠦ᠂ ᠬᠢᠵᠢᠭ ᠢ ᠰᠡᠷᠭᠡᠶᠢᠯᠡᠬᠦ ᠠᠮᠢᠳᠠᠨ ᠤ ᠡᠪᠡᠳᠴᠢᠨ ᠡᠮᠭᠡᠭ ᠵᠡᠷᠭᠡ ᠨᠣᠮ ᠪᠢᠴᠢᠭ ᠲᠠᠢ ᠪᠠᠶᠢᠵᠤ᠂ ᠲᠦᠷᠦᠯ ᠵᠦᠢᠯ ᠨᠢ ᠪᠦᠷᠢᠨ ᠭᠦᠢᠴᠡᠳ ᠪᠠᠶᠢᠵᠤ᠂ ᠰᠠᠭᠤᠭᠠᠯᠢ ᠠᠷᠠᠳ ᠤᠨ ᠡᠳᠦᠷ ᠲᠤᠳᠤᠮ ᠤᠨ ᠨᠣᠮ ᠤᠩᠰᠢᠵᠤ ᠰᠤᠷᠤᠯᠴᠠᠬᠤ ᠶᠢᠨ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠵᠤ᠂ ᠥᠷᠭᠡᠨ ᠤᠯᠠᠨ ᠮᠠᠯᠴᠢᠨ ᠲᠠᠷᠢᠶᠠᠴᠢᠨ ᠤ ᠡᠳᠦᠷ ᠲᠤᠳᠤᠮ ᠤᠨ ᠦᠢᠯᠡᠳᠪᠦᠷᠢᠯᠡᠯ ᠠᠮᠢᠳᠤᠷᠠᠯ ᠳᠤ ᠴᠤ ᠲᠦᠭᠦᠮ ᠦᠵᠡᠭᠦᠯᠪᠡ᠃ ᠱᠤᠸᠠᠩ ᠲᠠ ᠵᠡᠭᠡᠯᠢ ᠶᠢᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ   ᠨᠠᠷᠠᠩᠬᠤᠸᠠᠷ᠄ ︽︿ᠲᠠᠯ᠎ᠠ ᠨᠤᠲᠤᠭ ᠤᠨ ᠨᠣᠮ ᠤᠨ ᠦᠷᠦᠭᠡ﹀ ᠳᠤ᠂ ᠤᠯᠠᠨ ᠢᠶᠠᠷ ᠢᠶᠠᠨ ᠥᠪᠡᠷ ᠤᠨ ᠳᠤᠷ᠎ᠠ ᠰᠣᠨᠢᠷᠬᠠᠯ ᠲᠠᠢ ᠨᠣᠮ ᠢᠶᠠᠨ ᠴᠢᠯᠥᠭᠡᠲᠡᠢ ᠪᠠᠷ ᠰᠣᠩᠭᠤᠨ ᠰᠤᠷᠤᠯᠴᠠᠵᠤ᠂ ᠰᠤᠷᠤᠯᠴᠠᠯᠭ᠎ᠠ ᠶᠢᠨ ᠲᠤᠷᠰᠢᠯᠭ᠎ᠠ ᠪᠠᠨ ᠰᠣᠯᠢᠯᠴᠠᠵᠤ᠂ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ ᠥᠪᠡᠷ ᠤᠨ ᠰᠠᠨᠠᠯ ᠢᠶᠠᠨ ᠢᠯᠡᠳᠬᠡᠵᠦ᠂ ᠮᠠᠰᠢ ᠤᠯᠠᠨ ᠲᠦᠷᠦᠯ ᠤᠨ ᠨᠣᠮ ᠤᠨ ᠳᠠᠯᠠᠢ ᠳᠤ᠂ ᠬᠤᠪᠢᠰᠬᠠᠯ ᠤᠨ ᠪᠠᠭᠠᠲᠤᠷ ᠤᠨ ᠭᠡᠷᠡᠯ ᠰᠠᠴᠤᠷᠠᠩᠭᠤᠢ ᠦᠢᠯᠡ ᠶᠠᠪᠤᠳᠠᠯ᠂ ᠰᠣᠩᠭᠤᠳᠠᠭ ᠤᠯᠠᠮᠵᠢᠯᠠᠭᠳᠠᠨ ᠮᠠᠭᠲᠠᠭᠰᠠᠨ ᠬᠤᠪᠢᠰᠬᠠᠯ ᠤᠨ ᠦᠯᠢᠭᠡᠷ ᠪᠣᠯ ᠤᠯᠠᠨ ᠤ ᠬᠠᠮᠤᠭ ᠤᠨ ᠳᠤᠷᠠᠲᠠᠢ ᠨᠣᠮ ᠪᠢᠴᠢᠭ ᠪᠣᠯᠤᠨ᠎ᠠ︾ ᠭᠡᠵᠦ ᠬᠡᠯᠡᠪᠡ᠃
      ︽ᠵᠠᠭᠤᠨ ᠵᠢᠯ ᠤᠨ ᠲᠡᠮᠡᠴᠡᠯ ᠤᠨ ᠶᠠᠪᠤᠴᠠ ᠳᠤ᠂ ᠮᠠᠨ ᠤ ᠨᠠᠮ ᠠᠷᠠᠳ ᠲᠦᠮᠡᠨ ᠢ ᠤᠳᠤᠷᠢᠳᠤᠨ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠭᠡᠷᠡᠯ ᠰᠠᠴᠤᠷᠠᠩᠭᠤᠢ ᠠᠮᠵᠢᠯᠲᠠ ᠶᠢ ᠣᠯᠵᠤ᠂ ᠰᠦᠷ ᠳᠠᠯᠠᠶᠢᠴᠠᠲᠠᠢ ᠲᠡᠦᠬᠡ ᠶᠢᠨ ᠬᠠᠭᠤᠳᠠᠰᠤ ᠶᠢ ᠪᠢᠴᠢᠭᠯᠡᠪᠡ ᠁︾  ᠠᠶᠢᠪᠤᠭᠠᠢ ᠵᠡᠭᠡᠯᠢ ᠨᠡᠶᠢᠭᠡᠮ ᠲᠣᠭᠤᠷᠢᠭ ᠲᠤ᠂ ᠰᠠᠶᠢᠨ ᠳᠤᠷ᠎ᠠ ᠶᠢᠨ ᠪᠠᠭᠰᠢ ᠨᠠᠷ ᠰᠠᠭᠤᠭᠠᠯᠢ ᠠᠷᠠᠳ ᠢ ᠳᠠᠭᠠᠭᠤᠯᠤᠨ ᠨᠠᠮ ᠤᠨ ᠲᠡᠦᠬᠡ ᠶᠢ ᠰᠤᠷᠤᠯᠴᠠᠵᠤ᠂ ᠨᠠᠮ ᠤᠨ ᠵᠠᠭᠤᠨ ᠵᠢᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠣᠶᠢᠯᠠᠭᠠᠵᠤ ᠪᠠᠶᠢᠨ᠎ᠠ᠃ ᠰᠠᠭᠤᠭᠠᠯᠢ ᠠᠷᠠᠳ ᠪᠠᠭᠰᠢ ᠶᠢᠨ ᠢᠶᠠᠨ ᠲᠠᠶᠢᠯᠪᠤᠷᠢᠯᠠᠬᠤ ᠶᠢ ᠨᠠᠷᠢᠨ ᠬᠢᠨᠠᠮᠠᠭᠠᠶ ᠰᠣᠨᠣᠰᠴᠤ᠂ ᠵᠠᠷᠢᠮ ᠳᠠᠭᠠᠨ ᠲᠣᠯᠣᠭᠠᠶ ᠪᠥᠬᠦ᠋ᠢᠨ ᠲᠡᠮᠳᠡᠭᠯᠡᠯ ᠬᠢᠵᠦ᠂ ᠵᠠᠷᠢᠮ ᠳᠠᠭᠠᠨ ᠡᠷᠬᠢᠨ ᠲᠣᠭᠤᠷᠢᠨ ᠤ ᠪᠤᠰᠤᠳ ᠰᠠᠭᠤᠭᠠᠯᠢ ᠠᠷᠠᠳ ᠲᠠᠢ ᠰᠠᠨᠠᠯ ᠢᠶᠠᠨ ᠰᠣᠯᠢᠯᠴᠠᠳᠠᠭ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂  ᠠᠶᠢᠪᠤᠭᠠᠢ ᠵᠡᠭᠡᠯᠢ ᠶᠢᠨ ᠨᠡᠶᠢᠭᠡᠮ ᠲᠣᠭᠤᠷᠢᠭ ︽ᠲᠠᠯ᠎ᠠ ᠨᠤᠲᠤᠭ ᠤᠨ ᠨᠣᠮ ᠤᠨ ᠦᠷᠦᠭᠡ︾ ᠪᠠᠷ ᠠᠴᠢᠶᠠᠯᠠᠪᠤᠷᠢ ᠪᠣᠯᠭᠠᠨ᠂ ︽ᠨᠠᠮ ᠤᠨ ᠲᠡᠦᠬᠡ ᠶᠢᠨ ᠨᠣᠮ ᠤᠩᠰᠢᠬᠤ ᠪᠤᠯᠤᠩ︾᠂ ︽ᠭᠠᠷᠠᠭ ᠪᠦᠷᠢ ᠶᠢᠨ ᠨᠣᠮ ᠤᠩᠰᠢᠬᠤ ᠬᠤᠷᠠᠯ︾ ᠵᠡᠷᠭᠡ ᠠᠳᠠᠯᠢ ᠪᠤᠰᠤ ᠬᠡᠯᠪᠡᠷᠢ ᠪᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠵᠢᠭᠠᠨ ᠲᠣᠭᠲᠠᠭᠠᠭᠰᠠᠨ ᠨᠣᠮ ᠤᠨ ᠭᠠᠷᠴᠠᠭ ᠤᠨ ᠲᠥᠪᠯᠡᠷᠡᠩᠭᠦᠢ ᠰᠤᠷᠤᠯᠴᠠᠯᠭ᠎ᠠ ᠶᠢ ᠥᠷᠨᠢᠭᠦᠯᠵᠦ᠂ ︽ᠲᠠᠯ᠎ᠠ ᠨᠤᠲᠤᠭ ᠤᠨ ᠨᠣᠮ ᠤᠨ ᠦᠷᠦᠭᠡ︾ ᠨᠢ ᠤᠯᠠᠨ ᠤ ︽ᠬᠤᠪᠢᠰᠬᠠᠯ︾ ᠰᠤᠷᠤᠯᠴᠠᠯᠭ᠎ᠠ ᠶᠢᠨ ᠵᠢᠭᠰᠠᠭᠠᠯ ᠤᠨ ᠭᠠᠵᠠᠷ ᠪᠣᠯᠤᠭᠰᠠᠨ ᠪᠠᠶᠢᠨ᠎ᠠ᠃ ᠰᠠᠭᠤᠭᠠᠯᠢ ᠠᠷᠠᠳ ᠸᠠᠩ ᠬᠦᠶ ᠴᠢᠨ᠄ ︽︿ᠲᠠᠯ᠎ᠠ ᠨᠤᠲᠤᠭ ᠤᠨ ᠨᠣᠮ ᠤᠨ ᠥᠷᠥᠭᠡ﹀ ᠶᠢᠨ ᠪᠠᠶᠢᠭᠤᠯᠤᠭᠳᠠᠭᠰᠠᠨ ᠨᠢ ᠪᠢᠳᠡᠨ ᠳᠤ ᠨᠠᠮ ᠤᠨ ᠲᠡᠤᠬᠡ ᠶᠢ ᠰᠤᠷᠤᠯᠴᠠᠬᠤ ᠭᠠᠵᠠᠷ ᠬᠠᠩᠭᠠᠭᠰᠠᠨ ᠶᠤᠮ᠂ ᠠᠳᠡᠬᠢ ᠨᠣᠮ ᠪᠢᠴᠢᠭ ᠤᠨ ᠲᠥᠷᠥᠯ  ᠵᠤᠶᠢᠯ ᠡᠯᠪᠡᠭ ᠪᠠᠶᠠᠯᠢᠭ᠂ ᠬᠡᠷ ᠠᠴᠠ ᠣᠶᠢᠷ᠎ᠠ᠂ ᠨᠣᠮ ᠵᠢᠭᠡᠯᠡᠬᠦ ᠳᠤ ᠮᠠᠰᠢ ᠲᠥᠬᠦᠮ᠂ ᠪᠢᠳᠡᠨ ᠤ ᠤᠩᠰᠢᠯᠭ᠎ᠠ ᠶᠢᠨ ᠬᠡᠮᠵᠢᠶ᠎ᠡ ᠶᠢ ᠳᠡᠭᠡᠭᠰᠢᠯᠡᠭᠦᠯᠬᠦ ᠳᠤ ᠮᠠᠰᠢ ᠶᠡᠭᠡ ᠲᠤᠰᠠᠲᠠᠶ ᠶᠤᠮ︾ ᠭᠡᠵᠡᠶ᠃
       ᠠᠶᠢᠪᠤᠭᠠᠢ ᠵᠡᠭᠡᠯᠢ ᠶᠢᠨ ᠨᠡᠶᠢᠭᠡᠮ ᠲᠣᠭᠤᠷᠢᠭ ᠤᠨ ᠳᠡᠳ᠋ ᠡᠷᠬᠢᠯᠡᠭᠴᠢ ᠯᠢᠶᠠᠩ ᠵᠢᠩ ᠤᠨ ᠲᠠᠨᠢᠯᠴᠠᠭᠤᠯᠤᠭᠰᠠᠨ ᠢᠶᠠᠷ᠂ ᠨᠡᠶᠢᠭᠡᠮ ᠲᠣᠭᠤᠷᠢᠭ ᠤᠨ ᠥᠷᠭᠡᠨ ᠣᠯᠠᠨ ᠰᠠᠭᠤᠭᠠᠯᠢ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂  ᠠᠶᠢᠪᠤᠭᠠᠢ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ 2020 ᠣᠨ ᠳᠤ ︽ᠲᠠᠯ᠎ᠠ ᠨᠤᠲᠤᠭ ᠤᠨ ᠨᠣᠮ ᠤᠨ ᠥᠷᠥᠭᠡ︾ ᠶᠢ ᠪᠠᠶᠢᠭᠤᠯᠵᠤ᠂ 80 ᠲᠡᠭᠰᠢ ᠳᠥᠷᠪᠡᠯᠵᠢᠨ ᠮᠧᠲᠷ ᠭᠠᠵᠠᠷ ᠡᠵᠡᠯᠡᠵᠦ᠂ ᠨᠠᠮ ᠤᠨ ᠪᠠᠶᠢᠭᠤᠯᠤᠯᠲᠠ ᠶᠢᠨ ᠲᠥᠷᠥᠯ ᠤᠨ ᠨᠣᠮ ᠪᠢᠴᠢᠭ᠂ ᠤᠳᠬ᠎ᠠ ᠵᠣᠬᠢᠶᠠᠯ ᠤᠨ ᠲᠥᠷᠥᠯ᠂ ᠬᠡᠤᠬᠡᠳ ᠤᠨ ᠤᠩᠰᠢᠬᠤ ᠨᠣᠮ ᠨᠡᠶᠢᠲᠡ 2000 ᠭᠠᠷᠤᠶ ᠳᠡᠪᠲᠡᠷ ᠪᠠᠶᠢᠵᠤ᠂ ᠨᠣᠮ ᠪᠢᠴᠢᠭ ᠤᠨ ᠮᠠᠰᠢᠨ᠂ ᠲᠤᠰᠬᠠᠯᠲᠠ ᠶᠢᠨ ᠲᠥᠬᠦᠭᠡᠷᠦᠮᠵᠢ ᠲᠠᠭᠠᠷᠠᠭᠤᠯᠤᠭᠰᠠᠨ ᠪᠥᠭᠡᠳ ᠨᠡᠶᠢᠭᠡᠮ ᠲᠣᠭᠤᠷᠢᠭ ᠤᠨ ᠤᠩᠰᠢᠯᠭ᠎ᠠ ᠶᠢᠨ ᠪᠠᠶᠢᠳᠠᠯ ᠲᠠᠢ ᠪᠠᠨ ᠤᠶᠠᠯᠳᠤᠭᠤᠯᠤᠨ ︽ᠬᠡᠤᠬᠡᠳ ᠤᠨ ᠤᠩᠰᠢᠯᠭ᠎ᠠ ᠶᠢᠨ ᠪᠠᠶᠢᠳᠠᠯ︾ ︽ᠰᠠᠶᠢᠨ ᠨᠣᠮ ᠢ ᠬᠤᠪᠢᠶᠠᠯᠴᠠᠨ ᠡᠳ᠋ᠯᠡᠬᠦ︾ ︽ᠤᠩᠰᠢᠯᠭ᠎ᠠ ᠶᠢᠨ ᠴᠤᠭᠯᠠᠭᠠᠨ︾ ᠵᠡᠷᠭᠡ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠠᠭ᠋ᠠᠷᠬᠠᠯ ᠢ ᠶᠡᠬᠡᠳᠡ ᠣᠯᠤᠭᠰᠠᠨ ᠪᠠᠶᠢᠨ᠎ᠠ᠃      ᠣᠳᠣᠬᠠᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠤᠶ ᠪᠦᠬᠦᠢ ᠵᠠᠰᠠᠭ ᠵᠠᠬᠢᠷᠭᠠᠨ ᠤ ︵ᠭᠠᠴᠠᠭ᠎ᠠ︶ ᠲᠣᠰᠬᠤᠨ ᠳᠤ ᠴᠥᠮ ︽ᠲᠠᠯ᠎ᠠ ᠨᠤᠲᠤᠭ ᠤᠨ ᠨᠣᠮ ᠤᠨ ᠥᠷᠥᠭᠡ︾ ᠲᠠᠢ᠂ ︽ᠲᠠᠯ᠎ᠠ ᠨᠤᠲᠤᠭ ᠤᠨ ᠨᠣᠮ ᠤᠨ ᠥᠷᠥᠭᠡ︾ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠴᠢᠬᠤᠯᠠ ᠰᠣᠶᠣᠯ ᠤᠨ ᠠᠵᠢᠯᠯᠠᠭᠠᠨ ᠤ ᠵᠢᠭᠰᠠᠭᠠᠯ ᠤᠨ ᠭᠠᠵᠠᠷ ᠪᠣᠯᠵᠤ᠂ ᠡᠯ᠎ᠡ ︽ᠲᠠᠯ᠎ᠠ ᠨᠤᠲᠤᠭ ᠤᠨ ᠨᠣᠮ ᠤᠨ ᠥᠷᠥᠭᠡ︾ ᠲᠠᠷᠢᠶᠠᠯᠠᠩ ᠤᠨ ᠰᠡᠯᠡᠭᠦᠦ ᠴᠠᠭ ᠲᠤ ᠡᠯ᠎ᠡ ᠲᠥᠷᠥᠯ ᠤᠨ ᠲᠡᠵᠢᠭᠡᠨ ᠦᠷᠡᠵᠢᠭᠦᠯᠬᠦ᠂ ᠳᠠᠷᠢᠬᠤ᠂ ᠬᠢᠵᠢᠭ ᠢ ᠰᠡᠷᠭᠡᠶᠢᠯᠡᠬᠦ ᠵᠡᠷᠭᠡ ᠲᠠᠶᠢᠯᠤᠮᠵᠢ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠤᠩᠰᠢᠯᠭ᠎ᠠ ᠶᠢᠨ ᠭᠤᠤᠯ ᠰᠡᠳᠦᠪᠲᠦ ᠠᠵᠢᠯᠯᠠᠭ᠎ᠠ ᠶᠢ ᠡᠷᠭᠢᠯᠡᠵᠦ᠂ ᠮᠠᠯᠴᠢᠨ ᠲᠠᠷᠢᠶᠠᠴᠢᠳ ᠲᠤ ᠡᠯ᠎ᠡ ᠲᠥᠷᠥᠯ ᠤᠨ ᠲᠡᠵᠢᠭᠡᠨ ᠦᠷᠡᠵᠢᠭᠦᠯᠬᠦ᠂ ᠳᠠᠷᠢᠬᠤ ᠮᠡᠳᠡᠯᠭᠡ ᠶᠢ ᠲᠦᠭᠡᠮᠡᠯᠵᠢᠭᠦᠯᠦᠭᠰᠡᠨ ᠢᠶᠠᠷ ᠪᠠᠷᠠᠬᠤ ᠥᠬᠡᠶ ᠪᠠᠰᠠ ᠥᠷᠭᠡᠨ ᠣᠯᠠᠨ ᠮᠠᠯᠴᠢᠨ ᠲᠠᠷᠢᠶᠠᠴᠢᠳ ᠲᠤ ᠣᠶᠤᠨ ᠤ ᠲᠡᠵᠢᠭᠡᠯ ᠬᠠᠩᠭᠠᠵᠤ᠂ ᠲᠡᠳᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠠᠶᠢᠨ᠎ᠠ᠃ ᠬᠤᠶᠢᠰᠢᠳᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠢᠨ ︽ᠲᠠᠯ᠎ᠠ ᠨᠤᠲᠤᠭ ᠤᠨ ᠨᠣᠮ ᠤᠨ ᠥᠷᠥᠭᠡ︾ ᠶᠢᠨ ᠦᠨᠳᠦᠰᠦᠨ ᠱᠠᠲᠤᠨ ᠤ ᠰᠣᠶᠣᠯ ᠤᠨ ᠵᠢᠭᠰᠠᠭᠠᠯ ᠤᠨ ᠭᠠᠵᠠᠷ ᠤᠨ ᠡᠭᠦᠷᠭᠡ ᠴᠢᠳᠠᠪᠤᠷᠢ ᠪᠠᠨ ᠦᠷᠭᠦᠯᠵᠢᠯᠡᠨ ᠪᠠᠳᠠᠷᠠᠭᠤᠯᠵᠤ᠂ ᠨᠣᠮ ᠤᠨ ᠥᠷᠥᠭᠡ ᠪᠠᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ᠂ ᠰᠢᠨᠵᠢᠯᠡᠬᠦ ᠤᠬᠠᠭᠠᠨ ᠰᠣᠶᠣᠯ ᠢ ᠤᠯᠠᠮᠵᠢᠯᠠᠬᠤ ︽ᠲᠣᠮᠣ ᠬᠢᠴᠢᠶᠡᠯ ᠤᠨ ᠲᠠᠩᠬᠢᠮ︾ ᠪᠣᠯᠭᠠᠨ ᠪᠠᠶᠢᠭᠤᠯᠵᠤ᠂ ᠬᠤᠪᠢᠰᠬᠠᠯᠲᠤ ᠴᠢᠰᠤᠨ ᠰᠤᠳᠠᠰᠤ ᠶᠢ ᠦᠷᠭᠦᠯᠵᠢᠯᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ︽ᠲᠣᠰᠣ ᠨᠡᠮᠡᠬᠦ ᠥᠷᠲᠡᠭᠡ︾ ᠪᠣᠯᠭᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号