︽ᠭᠤᠪᠢ ᠶᠢᠨ ᠲᠠᠭᠤᠯᠠᠯ︾ ᠮᠠᠯᠴᠢᠳ ᠤᠨ ᠨᠠᠭᠠᠳᠤᠮ ᠤᠳᠬ᠎ᠠ ᠲᠡᠭᠦᠯᠳᠡᠷ ᠶᠠᠪᠤᠭᠳᠠᠯ᠎ᠠ
ᠨᠡᠶᠢᠲᠡᠯᠡᠭᠰᠡᠨ ᠴᠠᠭ᠄
2021/8/31
     ᠠᠶᠢᠷᠠᠭ ᠴᠡᠭᠡ ᠨᠢ ᠦᠳᠭᠡᠷᠡᠭᠰᠡᠨ ᠠᠯᠳᠠᠨ ᠨᠠᠮᠤᠷ ᠤᠨ ᠰᠠᠶᠢᠬᠠᠨ ᠴᠠᠭ ᠢᠶᠠᠷ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠴᠠᠭᠠᠨᠬᠠᠳᠠ ᠰᠤᠮᠤᠨ ᠤ ᠬᠠᠳᠠᠨᠬᠤᠰᠢᠭᠤ ᠭᠠᠴᠠᠭᠠᠨ ᠤ ᠵᠡᠭᠦᠨ ᠭᠤᠪᠢ ᠶᠢᠨ ᠮᠠᠯᠴᠢᠳ ᠠᠶᠢᠯ ᠬᠤᠳᠠ ᠪᠠᠷ ᠢᠶᠠᠨ ᠬᠤᠷᠠᠨ ᠴᠤᠭᠯᠠᠵᠦ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠪᠠᠨ ᠪᠠᠶᠠᠷᠯᠠᠨ ᠪᠡᠯᠭᠡᠯᠡᠬᠦ ᠪᠠᠷ ᠬᠦᠳᠡᠯᠮᠦᠷᠢ ᠠᠮᠢᠳᠤᠷᠠᠯ ᠤᠨ ᠰᠠᠶᠢᠨ ᠰᠠᠶᠢᠬᠠᠨ ᠢᠶᠠᠨ ᠪᠡᠯᠭᠡᠳᠡᠭᠰᠡᠨ ᠮᠠᠯᠴᠢᠳ ᠤᠨ ᠨᠠᠭᠠᠳᠤᠮ ᠴᠡᠩᠬᠡᠭᠦᠨ ᠢ ᠵᠤᠬᠢᠶᠠᠨ ᠪᠠᠶᠢᠭᠤᠯᠤᠭᠰᠠᠨ ᠪᠠᠶᠢᠨ᠎ᠠ᠃      ᠮᠠᠯᠴᠢᠨ ᠬᠦᠮᠦᠨ ᠳᠤ ᠭᠠᠷᠠᠭ ᠤᠨ ᠡᠳᠦᠷ ᠦᠭᠡᠢ ᠬᠡᠳᠡᠭᠴᠢᠯᠡᠨ ᠵᠡᠭᠦᠨ ᠭᠤᠪᠢ ᠶᠢᠨ ᠠᠷᠪᠠ ᠭᠠᠷᠤᠢ ᠡᠷᠦᠬᠡ  ᠶᠢᠨ ᠭᠤᠴᠢᠭᠠᠳ ᠮᠠᠯᠴᠢᠳ ᠨᠠᠷᠠᠨ ᠠᠴᠠ ᠡᠷᠳᠡᠯᠡᠨ ᠡᠳᠦᠷ ᠤᠨ ᠠᠵᠢᠯ ᠢᠶᠠᠨ ᠠᠮᠵᠢᠭᠤᠯᠤᠨ ᠬᠢᠯᠠᠯᠵᠢᠭᠤᠯᠵᠦ᠂8 ᠰᠠᠷ᠎ᠠ ᠶᠢᠨ28 ᠤ  ᠡᠳᠦᠷ ᠪᠤᠯᠵᠤᠭᠰᠠᠨ ᠭᠠᠵᠠᠷ ᠲᠤᠭᠳᠠᠭᠰᠠᠨ ᠴᠠᠭ ᠲᠤ ᠪᠠᠨ ᠴᠤᠭᠯᠠᠨ᠂ ᠬᠦᠬᠡ ᠲᠡᠩᠷᠢ ᠪᠠᠷ ᠬᠦᠰᠢᠭᠡ ᠪᠠᠨ ᠬᠢᠵᠦ ᠬᠦᠳᠡᠭᠡ ᠲᠠᠯ᠎ᠠ ᠪᠠᠷ ᠲᠠᠶᠢᠰᠠ ᠪᠠᠨ ᠪᠤᠯᠭᠠᠨ᠂ ᠲᠠᠭᠤᠤ ᠬᠤᠭᠤᠷ ᠢᠶᠠᠨ ᠠᠶᠠᠯᠠᠭᠤᠯᠤᠨ ᠬᠠᠩᠭᠢᠨᠠᠭᠤᠯᠵᠦ᠂ ᠠᠴᠢᠳᠦ ᠨᠠᠮ ᠤᠨ ᠢᠪᠡᠭᠡᠯ ᠳᠠᠬᠢ ᠠᠵᠠ ᠵᠢᠷᠭᠠᠯᠳᠦ ᠠᠮᠢᠳᠤᠷᠠᠯ ᠢᠶᠠᠨ ᠮᠠᠭᠳᠠᠨ ᠲᠠᠭᠤᠯᠠᠬᠤ ᠶᠢᠨ ᠬᠠᠮᠳᠦ ᠪᠠᠰᠠ ᠠᠷᠭᠠᠯ ᠲᠡᠭᠦᠵᠦ ᠤᠷᠤᠯᠳᠤᠬᠤ᠂ ᠡᠮᠡᠭᠡᠯ ᠤᠭᠰᠤᠷᠴᠦ ᠤᠷᠤᠯᠳᠤᠬᠤ᠂ ᠵᠢᠷᠠ ᠲᠤᠭᠯᠠᠭᠠᠮ ᠨᠠᠭᠠᠳᠬᠤ ᠵᠡᠷᠬᠡ ᠤᠯᠠᠨ ᠲᠦᠷᠦᠯ ᠤᠨ ᠤᠳᠬ᠎ᠠ ᠠᠭᠤᠯᠭ᠎ᠠ ᠲᠠᠢ ᠬᠦᠳᠡᠯᠭᠡᠭᠡᠨ ᠦᠷᠨᠢᠭᠦᠯᠵᠡᠢ᠃      ᠮᠠᠯᠴᠢᠨ ᠲᠦᠮᠡᠨ ᠤ ᠡᠳᠦᠷ ᠲᠤᠳᠤᠮ ᠤᠨ ᠬᠢᠳᠡᠭ ᠠᠵᠢᠯ ᠲᠦᠷᠦᠯ ᠢᠶᠠᠨ ᠤᠷᠤᠯᠳᠤᠭᠠᠨ ᠴᠡᠩᠭᠡᠭᠦᠨ ᠪᠤᠯᠭᠠᠨ ᠶᠠᠪᠤᠭᠳᠠᠭᠤᠯᠤᠭᠰᠠᠨ ᠡᠨᠡ ᠬᠦ ᠬᠦᠳᠡᠯᠭᠡᠭᠡᠨ ᠨᠢ ᠮᠠᠯᠴᠢᠳ ᠤᠨ ᠤᠷ᠎ᠠ ᠠᠪᠢᠶᠠᠰ ᠢ ᠰᠢᠯᠭᠠᠬᠤ ᠶᠢᠨ ᠬᠠᠮᠳᠦ ᠬᠦᠳᠡᠯᠮᠦᠷᠢ ᠠᠮᠢᠳᠤᠷᠠᠯ ᠤᠨ ᠤᠷ᠎ᠠ ᠤᠬᠠᠭᠠᠨ ᠢ ᠠᠬᠠᠮᠠᠳ ᠲᠤᠮᠤᠭᠠᠳᠠᠳ ᠨᠢ ᠵᠠᠯᠠᠭᠤ ᠨᠢᠭᠡ ᠦᠶ᠎ᠡ ᠶᠢᠨ ᠬᠢᠨ ᠳᠤ   ᠪᠠᠨ ᠵᠢᠭᠠᠨ ᠰᠤᠷᠭᠠᠵᠦ᠂ ᠬᠤᠳᠠ ᠤᠰᠤ ᠪᠠᠷ ᠢᠶᠠᠨ ᠨᠦᠬᠦᠷᠰᠡᠭ ᠰᠠᠶᠢᠬᠠᠨ ᠶᠠᠪᠤᠯᠴᠠᠨ᠂ ᠬᠠᠮᠳᠤᠪᠠᠷ ᠴᠢᠷᠮᠠᠨ ᠲᠠᠪᠰᠢᠬᠤ ᠨᠡᠩ ᠰᠠᠶᠢᠨ ᠰᠠᠶᠢᠬᠠᠨ ᠬᠦᠳᠡᠭᠡ ᠨᠤᠳᠤᠭ ᠤᠨ ᠠᠮᠢᠳᠤᠷᠠᠯ ᠢᠶᠠᠨ ᠴᠤᠭᠴᠤᠯᠠᠨ ᠪᠠᠶᠢᠭᠤᠯᠬᠤ ᠬᠦᠰᠡᠯ ᠵᠤᠷᠢᠯᠳᠠ   ᠪᠠᠨ ᠲᠠᠶᠢᠴᠢᠯᠠᠭᠰᠠᠨ ᠤᠳᠬ᠎ᠠ ᠠᠭᠤᠯᠭ᠎ᠠ ᠲᠠᠢ ᠦᠢᠯᠡ ᠠᠵᠢᠯᠯᠠᠭ᠎ᠠ ᠪᠤᠯᠵᠦ ᠦᠨᠳᠦᠷᠯᠡᠭᠰᠡᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号