ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠤᠮᠠᠷᠠᠲᠤ ᠶᠢᠨ ᠲᠠᠯ᠎ᠠ ᠨᠤᠲᠤᠭ ᠲᠤ ᠥᠨᠢᠳᠡ ᠴᠡᠴᠡᠭᠯᠡᠭᠦᠯᠦᠨ ᠳᠡᠯᠭᠡᠷᠡᠭᠦᠯᠦᠨ᠎ᠡ — — ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠴᠢᠬᠤᠯᠠ ᠶᠠᠷᠢᠶ᠎ᠠ ᠮᠠᠨ ᠤ ᠬᠤᠰᠢᠭᠤᠨ ᠤ ᠺᠠᠳ᠋ᠷ ᠣᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠭᠠᠪᠠ
ᠨᠡᠶᠢᠲᠡᠯᠡᠭᠰᠡᠨ ᠴᠠᠭ᠄
2021/8/31
     8 ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠪᠡᠭᠡᠵᠢᠩ ᠳᠤ ᠬᠤᠷᠠᠯᠳᠤᠪᠠ᠃ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠨᠢ ᠮᠠᠨ ᠤ ᠬᠤᠰᠢᠭᠤᠨ ᠤ ᠺᠠᠳ᠋ᠷ ᠣᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠭᠠᠪᠠ᠃ ᠤᠯᠠᠨ ᠢᠶᠠᠷ ᠢᠶᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠤᠮᠠᠷᠠᠲᠤ ᠬᠢᠯᠢ ᠶᠢᠨ ᠲᠠᠯ᠎ᠠ ᠨᠤᠲᠤᠭ ᠲᠤ ᠥᠨᠢᠳᠡ ᠴᠡᠴᠡᠭᠯᠡᠭᠦᠯᠦᠨ ᠳᠡᠯᠭᠡᠷᠡᠭᠦᠯᠦᠨ᠎ᠡ ᠭᠡᠵᠦ ᠢᠯᠡᠳᠬᠡᠵᠡᠭᠡᠪᠡ᠃
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ  ᠬᠤᠷᠢᠶ᠎ᠠ ᠶᠢᠨ ᠡᠷᠬᠢᠯᠡᠭᠴᠢ ᠮᠠᠯᠴᠢᠨ᠄ ︽ᠶᠡᠷᠦᠩᠬᠡᠢ ᠱᠦᠵᠢ ᠰᠢ ᠶᠢᠨ ᠫᠢᠩ ᠤ ᠴᠢᠬᠤᠯᠠ ᠶᠠᠷᠢᠶ᠎ᠠ ᠨᠢ ᠪᠢᠳᠡᠨ ᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ︾ ᠭᠡᠵᠦ ᠬᠡᠯᠡᠪᠡ᠃ ᠪᠢᠳᠠ ᠶᠡᠷᠦᠩᠬᠡᠢ ᠱᠦᠵᠢ ᠰᠢ ᠶᠢᠨ ᠫᠢᠩ ᠤ ᠳᠤᠷᠠᠳᠤᠭᠰᠠᠨ ︿ᠠᠷᠪᠠᠨ ᠬᠤᠶᠠᠷ ᠡᠷᠬᠡᠪᠰᠢ﹀ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠡᠵᠡᠮᠳᠡᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠶᠢ ᠦᠨᠳᠦᠰᠦᠲᠡᠨ ᠤ ᠠᠵᠢᠯ ᠤᠨ ᠡᠯ᠎ᠡ ᠬᠦᠷᠢᠶᠡᠨ ᠤ ᠪᠦᠬᠦ ᠶᠠᠪᠤᠴᠠ ᠳᠤ ᠲᠤᠤᠱᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠥᠷᠨᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠤᠨ᠎ᠠ︾ ᠭᠡᠵᠦ ᠬᠡᠯᠡᠪᠡ᠃
     ᠰᠢ ᠶᠢᠨ ᠫᠢᠩ ᠶᠡᠷᠦᠩᠬᠡᠶ ᠱᠦᠵᠢ ᠴᠢᠬᠤᠯᠠᠴᠢᠯᠠᠬᠤ ᠳᠠᠭᠠᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠡᠨᠡ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠳᠡᠳ᠋ ᠳᠠᠷᠤᠭ᠎ᠠ ᠵᠠᠩ ᠱᠤ ᠵᠢᠤᠸᠠᠨ ᠢ ᠶᠡᠬᠡᠳᠡ ᠳᠣᠭᠳᠣᠯᠤᠭᠤᠯᠵᠤ᠂ ᠲᠡᠷᠡ᠂ ᠬᠤᠶᠢᠰᠢᠳᠠ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠴᠢ ᠦᠨᠳᠦᠰᠦᠲᠡᠨ ᠤ ᠪᠦᠯᠬᠦᠮᠳᠡᠯ ᠢᠶᠠᠷ ᠭᠤᠣᠯ ᠰᠢᠵᠢᠮ ᠪᠣᠯᠭᠠᠨ ᠡᠯ᠎ᠡ ᠵᠦᠢᠯ ᠤᠨ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠤᠷᠭᠠᠨ ᠬᠥᠮᠦᠵᠢᠯ ᠵᠢᠭᠠᠨ ᠰᠤᠷᠭᠠᠯᠲᠠ ᠳᠤ ᠠᠭᠤᠰᠬᠠᠵᠤ᠂ ᠬᠡᠦᠬᠡᠳ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠢᠯᠡᠳᠬᠡᠬᠦ ᠴᠢᠳᠠᠪᠤᠷᠢ ᠶᠢ ᠬᠥᠮᠦᠵᠢᠭᠦᠯᠵᠦ᠂ ᠬᠡᠦᠬᠡᠳ ᠤᠨ ᠰᠤᠷᠬᠤ ᠨᠠᠰᠤᠨ ᠠᠴᠠ ᠡᠮᠦᠨ᠎ᠡ ᠨᠡᠶᠢᠲᠡᠯᠢᠭ ᠬᠡᠯᠡ ᠶᠢ ᠰᠤᠷᠴᠤ ᠡᠵᠡᠮᠰᠢᠬᠦ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ ᠭᠡᠵᠦ ᠢᠯᠡᠳᠬᠡᠪᠡ᠃
      ᠰᠢ ᠶᠢᠨ ᠫᠢᠩ ᠶᠡᠷᠦᠩᠬᠡᠶ ᠱᠦᠵᠢ ᠵᠢᠭᠠᠵᠤ ᠭᠠᠷᠭᠠᠭᠰᠠᠨ ᠨᠢ᠂ ᠳᠤᠮᠳᠠᠳᠤ ᠶᠢᠨ ᠰᠣᠶᠣᠯ ᠬᠢᠭᠡᠳ ᠦᠨᠳᠦᠰᠦᠲᠡᠨ ᠨᠦᠭᠦᠳ ᠤᠨ ᠰᠣᠶᠣᠯ ᠤᠨ ᠬᠠᠷᠢᠴᠠᠭ᠎ᠠ ᠶᠢ ᠵᠥᠪ ᠡᠵᠡᠮᠰᠢᠬᠦ ᠬᠡᠷᠡᠭᠲᠡᠶ᠂ ᠦᠨᠳᠦᠰᠦᠲᠡᠨ ᠨᠦᠭᠦᠳ ᠤᠨ ᠰᠢᠯᠢᠳᠡᠭ ᠤᠯᠠᠮᠵᠢᠯᠠᠯᠲᠤ ᠰᠣᠶᠣᠯ ᠪᠣᠯ ᠴᠥᠮ ᠳᠤᠮᠳᠠᠳᠤ ᠶᠢᠨ ᠰᠣᠶᠣᠯ ᠤᠨ ᠪᠦᠷᠢᠯᠳᠦᠬᠦᠨ ᠬᠡᠰᠡᠭ ᠮᠥᠨ᠂ ᠳᠤᠮᠳᠠᠳᠤ ᠶᠢᠨ ᠰᠣᠶᠣᠯ ᠪᠣᠯ ᠭᠤᠣᠯ ᠲᠤᠯᠭᠠᠭᠤᠷᠢ ᠮᠥᠨ᠂ ᠦᠨᠳᠦᠰᠦᠲᠡᠨ ᠨᠦᠭᠦᠳ ᠤᠨ ᠰᠣᠶᠣᠯ ᠪᠣᠯ ᠰᠠᠯᠠᠭ᠎ᠠ ᠨᠠᠮᠠᠭ᠎ᠠ ᠮᠥᠨ᠂ ᠦᠨᠳᠦᠰᠦ ᠭᠦᠨ ᠪᠥᠭᠡᠳ ᠢᠳᠡᠷᠬᠡᠭ ᠪᠠᠶᠢᠪᠠᠯ ᠰᠠᠶ᠋ᠢ ᠰᠠᠯᠠᠭ᠎ᠠ ᠨᠠᠮᠠᠭ᠎ᠠ ᠨᠢ ᠢᠭᠴᠤ ᠰᠠᠬᠤᠯᠢᠭ ᠪᠠᠶᠢᠵᠤ ᠴᠢᠳᠠᠨ᠎ᠠ ᠭᠡᠵᠡᠶ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠲᠡᠷᠢᠭᠦᠯᠡᠭᠴᠢ ᠸᠠᠩ ᠵᠢᠶᠦ᠋ᠨ᠄ ︽ᠤᠳᠬ᠎ᠠ ᠤᠷᠠᠯᠢᠭ ᠤᠨ ᠬᠢᠨ ᠤ ᠬᠤᠯᠪᠣᠭ᠎ᠠ ᠨᠢ ᠥᠷᠭᠡᠨ ᠣᠯᠠᠨ ᠤᠳᠬ᠎ᠠ ᠤᠷᠠᠯᠢᠭᠴᠢᠳ ᠲᠠᠢ ᠬᠠᠷᠢᠯᠴᠠᠬᠤ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠪᠣᠯᠤᠭᠰᠠᠨ ᠤ ᠬᠤᠪᠢ ᠳᠤ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠪᠦᠲᠦᠭᠡᠯᠴᠢ ᠴᠢᠨᠠᠷᠲᠠᠶ ᠪᠠᠷ ᠬᠤᠪᠢᠷᠠᠭᠤᠯᠬᠤ ᠪᠠ ᠰᠢᠨ᠎ᠡ ᠶᠢ ᠡᠭᠦᠳᠬᠦ ᠴᠢᠨᠠᠷᠲᠠᠶ ᠪᠠᠷ ᠬᠥᠭᠵᠢᠭᠦᠯᠬᠦ ᠪᠠᠷ ᠳᠠᠮᠵᠢᠭᠤᠯᠤᠨ᠂ ᠳᠤᠮᠳᠠᠳᠤ ᠶᠢᠨ ᠰᠣᠶᠣᠯ ᠢ ᠰᠠᠶᠢᠲᠤᠷ ᠤᠯᠠᠮᠵᠢᠯᠠᠨ ᠪᠠᠳᠠᠷᠠᠭᠤᠯᠬᠤ ᠶᠢᠨ ᠵᠡᠷᠭᠡᠴᠡᠭᠡᠪᠡᠷ ᠦᠨᠳᠦᠰᠦᠲᠡᠨ ᠤ ᠰᠢᠯᠢᠳᠡᠭ ᠰᠣᠶᠣᠯ ᠪᠠ ᠭᠠᠵᠠᠷ ᠣᠷᠣᠨ ᠤ ᠰᠣᠶᠣᠯ ᠢ ᠶᠡᠭᠡ ᠪᠠᠷ ᠰᠠᠶᠢᠲᠤᠷ ᠬᠥᠭᠵᠢᠭᠦᠯᠵᠦ᠂ ᠰᠣᠶᠣᠯ ᠢᠶᠠᠷ ᠬᠥᠮᠦᠨ ᠤ ᠬᠦᠴᠦᠨ ᠢ ᠰᠣᠶᠣᠯᠵᠢᠭᠤᠯᠬᠤ ᠪᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠣᠭᠴᠠᠯᠠᠨ ᠪᠠᠶᠢᠭᠤᠯᠬᠤ ᠳᠤ ᠬᠠᠮᠲᠤ ᠪᠠᠷ ᠬᠦᠴᠦ ᠨᠡᠮᠡᠷᠢᠯᠡᠵᠦ᠂ ᠮᠠᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢᠶᠠᠨ ᠬᠠᠮᠲᠤ ᠪᠠᠷ ᠰᠠᠶᠢᠲᠤᠷ ᠪᠦᠳᠦᠭᠡᠨ ᠪᠠᠶᠢᠭᠤᠯᠵᠤ᠂ ᠡᠭᠡ ᠣᠷᠣᠨ ᠤ ᠤᠮᠠᠷᠠᠲᠤ ᠶᠢᠨ ᠡᠨᠡ ᠬᠦ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢᠶᠠᠨ ᠬᠠᠮᠲᠤ ᠪᠠᠷ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ︾ ᠭᠡᠵᠦ ᠵᠢᠭᠠᠵᠤ ᠭᠠᠷᠭᠠᠪᠠ᠃
      ᠥᠪᠡᠷᠲᠡᠭᠡᠨ ᠵᠠᠰᠠᠬᠤ ᠣᠷᠣᠨ ᠤ ᠳᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤ ᠶᠢᠨ ᠳᠤᠯᠢᠩᠭᠤᠷ ᠨᠡᠶᠢᠭᠡᠮ ᠲᠣᠭᠤᠷᠢᠭ ᠲᠤ ᠨᠡᠶᠢᠳᠡ 11 ᠴᠥᠭᠡᠨ ᠲᠣᠭᠠᠲᠤ ᠦᠨᠳᠦᠰᠦᠲᠡᠨ ᠲᠠᠢ᠂ ᠠᠳᠠᠯᠢ ᠪᠤᠰᠤ ᠦᠨᠳᠦᠰᠦᠲᠡᠨ ᠲᠠᠢ ᠤᠷᠤᠬ ᠪᠠᠷᠢᠯᠳᠤᠭᠰᠠᠨ ᠭᠡᠷ ᠪᠦᠯᠢ 185 ᠡᠷᠦᠬᠡ ᠲᠠᠢ᠂ ᠨᠡᠶᠢᠭᠡᠮ ᠲᠣᠭᠤᠷᠢᠭ ᠤᠨ ᠳᠡᠳ᠋ ᠡᠷᠬᠢᠯᠡᠭᠴᠢ ᠰᠯᠠᠩ᠄ ︽ᠪᠢᠳᠡ ᠶᠡᠷᠦᠩᠬᠡᠢ ᠱᠦᠵᠢ ᠰᠢ ᠶᠢᠨ ᠫᠢᠩ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠣᠰᠣᠭᠠᠷ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠠᠮᠲᠤ ᠶᠢᠨ ᠢᠷᠠᠭᠤ ᠠᠯᠳᠠᠷ ᠢ ᠦᠨᠡᠨᠬᠦ ᠰᠠᠶᠢᠲᠤᠷ ᠬᠠᠮᠠᠭᠠᠯᠠᠨ᠎ᠠ︾ ᠭᠡᠵᠦ ᠬᠡᠯᠡᠪᠡ᠃
      ︽ᠶᠡᠷᠦᠩᠬᠡᠶ ᠱᠦᠵᠢ ᠰᠢ ᠶᠢᠨ ᠫᠢᠩ ᠴᠢᠬᠤᠯᠠᠴᠢᠯᠠᠬᠤ ᠳᠠᠭᠠᠨ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢ ᠨᠠᠮ ᠤᠨ ᠦᠨᠳᠦᠰᠦᠲᠡᠨ ᠤ ᠠᠵᠢᠯ ᠤᠨ ᠭᠤᠤᠯ ᠰᠢᠵᠢᠮ ᠪᠣᠯᠭᠠᠬᠤ ᠬᠡᠷᠡᠭᠲᠡᠶ︾ ᠭᠡᠵᠡᠶ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢᠦ ᠶᠧ ᠬᠡᠯᠡᠬᠦ ᠳᠡᠭᠡᠨ᠂ ︽ᠬᠤᠶᠢᠰᠢᠳᠠ ᠶᠢᠨ ᠠᠵᠢᠯ ᠤᠨ ᠳᠤᠮᠳᠠ ᠪᠠᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ︿ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠨᠢᠭᠡ ᠬᠡᠷ ᠤᠨ ᠬᠥᠮᠦᠨ﹀ ᠭᠡᠬᠦ ᠭᠤᠤᠯ ᠰᠡᠳᠦᠪᠲᠦ ᠦᠶ᠋ᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠢ ᠵᠥᠪ ᠣᠨᠣᠪᠴᠢᠲᠠᠶ ᠤᠯᠤᠰ ᠤᠨ ᠦᠵᠡᠯᠲᠡ ᠂ ᠲᠡᠤᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠲᠠᠢ ᠪᠣᠯᠭᠠᠵᠤ᠂ ︿ᠭᠤᠷᠪᠠᠨ ᠰᠠᠯᠵᠤ ᠴᠢᠳᠠᠬᠤ ᠥᠬᠡᠶ﹀ ︿ᠲᠠᠪᠤᠨ ᠬᠠᠮᠲᠤ ᠶᠢᠨ ᠲᠠᠨᠢᠯᠲᠠ﹀ ᠶᠢ ᠰᠡᠳᠬᠢᠯ ᠵᠢᠷᠦᠬᠡᠨ ᠳᠡᠭᠡᠨ ᠭᠦᠨ ᠦᠨᠳᠦᠰᠦᠯᠡᠭᠦᠯᠵᠦ᠂ ᠬᠥᠮᠦᠨ ᠪᠦᠬᠦᠨ ᠦᠨᠳᠦᠰᠦᠲᠡᠨ ᠤ ᠪᠦᠯᠬᠦᠮᠳᠡᠯ ᠢ ᠨᠠᠨᠳᠢᠩᠨᠠᠨ ᠂ ᠬᠥᠮᠦᠨ ᠪᠦᠬᠦᠨ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠵᠢᠯᠣᠭᠤᠳᠤᠮᠵᠢ ᠪᠣᠯᠭᠠᠵᠤ᠂ ᠠᠷᠠᠳ ᠤᠨ ᠠᠮᠢᠳᠤᠷᠠᠯ ᠤᠨ ᠲᠦᠷᠦᠯ ᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠠᠵᠢᠯ ᠢ ᠬᠡᠷᠡᠭᠵᠢᠭᠦᠯᠬᠦ ᠶᠢ ᠠᠬᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ︿ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ﹀ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠤᠯᠠᠨ ᠲᠦᠮᠡᠨ ᠤ ︿ᠪᠠᠴᠢᠮᠳᠠᠬᠤ ᠳᠤ ᠬᠦᠴᠢᠷᠳᠡᠬᠦ ᠳᠤ ᠵᠣᠪᠠᠨᠢᠬᠤ﹀ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠥᠷᠭᠡᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠬᠠᠨᠤᠮᠵᠢᠲᠠᠢ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ︾᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号