ᠠᠮᠢ ᠠᠬᠤᠶ ᠶᠢᠨ ᠬᠠᠮᠤᠭ ᠤᠨ ᠬᠦᠴᠦᠷᠬᠡᠭ ᠲᠠᠭᠤᠨ ᠢ ᠬᠠᠩᠭᠢᠨᠠᠭᠤᠯᠵᠤ ᠪᠣᠬᠢᠷᠲᠤᠯ ᠥᠬᠡᠶ ᠰᠢᠨ᠎ᠡ ᠳᠠᠷᠮᠤᠤ ᠶᠢ ᠴᠣᠭᠴᠠᠯᠠᠨ᠎ᠠ
ᠨᠡᠶᠢᠲᠡᠯᠡᠭᠰᠡᠨ ᠴᠠᠭ᠄
2021/8/31
   
     ᠡᠪᠡᠰᠦ ᠮᠣᠳᠣ ᠪᠠᠭᠰᠢᠷᠠᠨ ᠤᠷᠭᠤᠵᠤ᠂ ᠡᠪᠡᠰᠦ ᠮᠣᠳᠣ ᠢᠭᠴᠤ ᠰᠠᠬᠤᠯᠢᠭ ᠤᠷᠭᠤᠨ᠎ᠠ᠃ ᠠᠮᠢ ᠠᠬᠤᠶ ᠶᠢᠨ ᠪᠣᠯᠪᠠᠰᠤᠨ ᠢ ᠪᠠᠶᠢᠭᠤᠯᠬᠤ ᠪᠣᠯ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠶᠢᠨ ᠮᠢᠩᠭᠠᠨ ᠣᠨ ᠤ ᠶᠡᠭᠡ ᠪᠤᠳᠤᠯᠭ᠎ᠠ ᠮᠥᠨ᠂ ᠲᠡᠷᠡ ᠨᠢ ᠠᠷᠠᠳ ᠲᠦᠮᠡᠨ ᠤ ᠠᠵᠠ ᠵᠢᠷᠭᠠᠯ ᠲᠠᠢ ᠬᠤᠯᠪᠣᠭᠳᠠᠵᠤ᠂ ᠦᠨᠳᠦᠰᠦᠲᠡᠨ ᠤ ᠢᠷᠡᠭᠡᠳᠦᠶ ᠲᠠᠢ ᠬᠤᠯᠪᠣᠭᠳᠠᠵᠤ ᠪᠠᠶᠢᠳᠠᠭ᠃ ᠳᠠᠷᠬᠠᠨ ᠮᠤᠤᠮᠢᠩᠭᠠᠨ ᠬᠤᠰᠢᠭᠤ ᠪᠤᠭᠤᠲᠤ ᠬᠤᠲᠠ ᠶᠢᠨ ᠨᠠᠮ ᠤᠨ ᠬᠤᠷᠢᠶᠠᠨ ᠤ ︽ᠳᠥᠷᠪᠡᠨ ᠰᠠᠭᠤᠷᠢᠨ ᠬᠤᠶᠠᠷ ᠲᠥᠪ ᠨᠢᠭᠡ ᠥᠨᠳᠥᠷ ᠭᠠᠵᠠᠷ ᠨᠢᠭᠡ ᠰᠢᠰᠲ᠋ᠧᠮ︾ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠶ ᠪᠣᠯᠭᠠᠵᠤ᠂ ︽ᠠᠮᠢ ᠠᠬᠤᠶ ᠪᠠᠷ ᠬᠤᠰᠢᠭᠤ ᠪᠠᠨ ᠪᠤᠰᠬᠠᠬᠤ᠂ ᠠᠵᠤ ᠦᠶ᠋ᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ᠂ ᠨᠡᠭᠡᠭᠡᠯᠲᠡ ᠪᠠᠷ ᠬᠤᠰᠢᠭᠤ ᠪᠠᠨ ᠠᠮᠢᠳᠤᠯᠢᠭ ᠪᠣᠯᠭᠠᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠠᠵᠢᠯ ᠢ ᠶᠡᠬᠡᠪᠡᠷ ᠥᠷᠨᠢᠭᠦᠯᠦᠨ᠂ ᠠᠮᠢ ᠠᠬᠤᠶ ᠪᠠᠷ ᠭᠤᠤᠯ ᠪᠣᠯᠭᠠᠭᠰᠠᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠦ᠂ ᠲᠠᠷᠢᠶᠠᠯᠠᠩ ᠮᠠᠯ ᠠᠵᠤ ᠠᠬᠤᠶ᠂ ᠰᠣᠶᠣᠯ ᠵᠢᠭᠤᠯᠴᠢᠯᠠᠯ᠂ ᠠᠮᠢ ᠠᠬᠤᠶ ᠶᠢᠨ ︽ᠭᠤᠷᠪᠠᠨ ᠦᠶ᠋ᠯᠡᠰ ᠤᠨ ᠨᠡᠶᠢᠯᠡᠯ︾ ᠢ ᠲᠦᠷᠭᠡᠳᠬᠡᠨ᠂ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠤᠮᠠᠷᠠᠲᠤ ᠬᠢᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠬᠦ ᠳᠤ ᠲᠦᠢᠯ ᠤᠨ ᠶᠡᠭᠡ ᠴᠢᠷᠮᠠᠶᠢᠯᠭ᠎ᠠ ᠭᠠᠷᠭᠠᠪᠠ᠃ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠶᠡᠬᠡᠪᠡᠷ ᠪᠠᠶᠢᠭᠤᠯᠬᠤ      ᠣᠶᠢᠯᠠᠭᠠᠭᠰᠠᠨ ᠢᠶᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠪᠡᠯᠴᠢᠭᠡᠷ ᠤᠨ ᠲᠠᠯᠠᠪᠠᠶ ᠪᠣᠯ ᠪᠤᠭᠤᠲᠤ ᠬᠤᠲᠠ ᠶᠢᠨ ᠲᠠᠯᠠᠪᠠᠶ ᠪᠠᠷ ᠬᠠᠮᠤᠭ ᠤᠨ ᠶᠡᠭᠡ ᠠᠮᠢ ᠠᠬᠤᠶ ᠶᠢᠨ ᠰᠢᠰᠲ᠋ᠧᠮ ᠪᠣᠯᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠰᠦ ᠪᠡᠯᠴᠢᠭᠡᠷ ᠤᠨ ᠬᠠᠶᠢᠨ ᠰᠢᠨᠵᠢᠬᠦ ᠬᠦᠷᠢᠶᠡᠯᠡᠩ ᠤᠨ ᠲᠤᠭ᠎ᠠ ᠪᠠᠷᠢᠮᠲᠠ ᠶᠢ ᠦᠨᠳᠦᠰᠦᠯᠡᠪᠡᠯ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ 2462.79 ᠲᠦᠮᠡᠨ ᠮᠥ ᠪᠠᠶᠢᠵᠤ᠂ ᠠᠰᠢᠭᠯᠠᠵᠤ ᠪᠣᠯᠬᠤ ᠭᠠᠵᠠᠷ ᠰᠢᠷᠣᠶ ᠶᠢᠨ ᠶᠡᠷᠦᠩᠬᠡᠶ ᠲᠠᠯᠠᠪᠠᠶ ᠶᠢᠨ 92% ᠢ ᠡᠵᠡᠯᠡᠪᠡ᠃ ᠳᠠᠷᠬᠠᠨ ᠮᠤᠤᠮᠢᠩᠭᠠᠨ ᠬᠤᠰᠢᠭᠤ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠤᠯ ᠪᠣᠯᠭᠠᠬᠤ ᠴᠢᠭᠯᠡᠯᠲᠡ ᠶᠢ ᠪᠠᠷᠢᠮᠲᠠᠯᠠᠨ᠂ ᠪᠥᠬᠦ ᠲᠠᠯ᠎ᠠ ᠪᠠᠷ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠪᠠᠷ ᠨᠤᠲᠤᠭ ᠪᠡᠯᠴᠢᠭᠡᠷ ᠤᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ᠂ ᠲᠠᠷᠢᠶᠠᠯᠠᠬᠤ ᠶᠢ ᠵᠣᠭᠰᠣᠭᠠᠵᠤ ᠡᠪᠡᠰᠦ ᠳᠠᠷᠢᠬᠤ᠂ ᠬᠥᠮᠦᠨ ᠤ ᠬᠦᠴᠦ ᠪᠠᠷ ᠡᠪᠡᠰᠦ ᠳᠠᠷᠢᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠣᠳᠣᠬᠠᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠡᠪᠡᠰᠦ ᠪᠡᠯᠴᠢᠭᠡᠷ ᠤᠨ ᠳᠤᠮᠳᠠᠴᠢ ᠥᠨᠳᠥᠷ ᠤᠨ ᠬᠡᠮᠵᠢᠶ᠎ᠡ 15.3 ᠰᠠᠨᠲ᠋ᠢᠮᠧᠲᠷ ᠲᠤ ᠬᠦᠷᠴᠦ᠂ ᠤᠷᠭᠤᠮᠠᠯ ᠤᠨ ᠬᠤᠴᠢᠯᠭ᠎ᠠ ᠶᠢᠨ ᠳᠤᠮᠳᠠᠴᠢ ᠪᠦᠷᠬᠦᠴᠡ 31.7% ᠬᠦᠷᠴᠦ᠂ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃      ᠤᠢᠢᠷ᠎ᠠ ᠶᠢᠨ ᠵᠢᠯ ᠤᠨ ᠲᠤᠷᠰᠢ᠂ ᠳᠠᠷᠬᠠᠨ ᠮᠤᠤᠮᠢᠩᠭᠠᠨ ᠬᠤᠰᠢᠭᠤ ᠨᠡᠶᠢᠳᠡ 114.35 ᠲᠦᠮᠡᠨ ᠮᠦ ᠶᠢ ᠬᠦᠷᠢᠶᠡᠯᠡᠨ ᠪᠢᠲᠡᠭᠦᠮᠵᠢᠯᠡᠨ ᠪᠤᠶᠢᠵᠢᠭᠤᠯᠵᠤ᠂ ᠬᠦᠨᠳᠦ ᠨᠣᠴᠢᠲᠠᠢ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ 6.58 ᠲᠦᠮᠡᠨ ᠮᠦ ᠶᠢ ᠰᠡᠯᠪᠢᠨ ᠵᠠᠰᠠᠵᠤ᠂ ᠬᠦᠨᠳᠦ ᠨᠣᠴᠢᠲᠠᠢ ᠡᠪᠳᠡᠭᠳᠡᠭᠰᠡᠨ ᠨᠤᠲᠤᠭ ᠪᠡᠯᠴᠢᠭᠡᠷ ᠤᠨ ᠠᠮᠢ ᠠᠬᠤᠢ ᠶᠢ 0.6 ᠲᠦᠮᠡᠨ ᠮᠦ ᠶᠢ ᠵᠠᠰᠠᠵᠤ᠂ ᠬᠡᠭᠡᠷ᠎ᠡ ᠶᠢᠨ ᠰᠢᠯᠢᠳᠡᠭ ᠰᠠᠶᠢᠨ ᠨᠤᠲᠤᠭ ᠤᠨ ᠡᠪᠡᠰᠦᠨ ᠤ ᠦᠷ᠎ᠡ ᠶᠢ 0.18 ᠲᠦᠮᠡᠨ ᠮᠦ᠂ ᠳᠤᠯᠠᠭᠠᠨ ᠬᠦᠯᠡᠮᠵᠢ 7.7 ᠲᠦᠮᠡᠨ ᠮᠦ᠂ ᠲᠠᠷᠢᠮᠠᠯ ᠪᠡᠯᠴᠢᠭᠡᠷ 3.8 ᠲᠦᠮᠡᠨ ᠮᠦ ᠂ ᠡᠪᠡᠰᠦ ᠬᠠᠳᠠᠭᠠᠯᠠᠬᠤ ᠬᠦᠯᠡᠮᠵᠢ 2.45 ᠲᠦᠮᠡᠨ ᠲᠡᠭᠰᠢ ᠳᠥᠷᠪᠡᠯᠵᠢᠨ ᠮᠧᠲᠷ᠂ ᠨᠣᠭᠤᠭᠠᠨ ᠳᠠᠷᠤᠰᠢᠭᠤᠯᠬᠤ ᠵᠣᠭᠤᠷᠢ᠂ ᠡᠪᠡᠰᠦᠨ ᠦᠷ᠎ᠡ ᠶᠢᠨ ᠰᠠᠭᠤᠷᠢᠨ ᠭᠠᠵᠠᠷ ᠢ 0.3 ᠲᠦᠮᠡᠨ ᠮᠦ ᠶᠢ ᠠᠷᠠᠴᠢᠯᠠᠨ ᠪᠤᠶᠢᠵᠢᠭᠤᠯᠵᠤ᠂ ᠥᠪᠥᠷ ᠮᠣᠩᠭᠤᠯ ᠤᠨ ᠨᠤᠲᠤᠭ ᠪᠡᠯᠴᠢᠭᠡᠷ ᠤᠨ ᠲᠣᠭᠲᠠᠮᠠᠯ ᠬᠢᠨᠠᠨ ᠬᠡᠮᠵᠢᠬᠦ ᠴᠢᠬ ᠨᠢᠭᠡ ᠶᠢ ᠪᠦᠳᠦᠭᠡᠨ ᠪᠠᠶᠢᠭᠤᠯᠪᠠ᠃
      ᠣᠶ ᠰᠢᠭᠤᠶ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠲᠠᠯ᠎ᠠ ᠪᠠᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠣᠶ ᠰᠢᠭᠤᠶ ᠶᠢᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠲᠡᠦᠬᠡᠨ ᠠᠵᠠ ᠲᠣᠬᠢᠶᠠᠯ ᠢ ᠠᠮᠵᠢᠨ ᠠᠳᠬᠤᠵᠤ᠂ ᠤᠯᠤᠰ ᠤᠨ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠰᠤᠷᠪᠤᠯᠵᠢ ᠶᠢ ᠵᠠᠰᠠᠬᠤ ᠭᠤᠣᠯᠳᠠᠯᠭ᠎ᠠ ᠲᠠᠢ ᠢᠨᠵᠧᠨᠧᠷᠢᠩ ᠤᠨ ᠲᠠᠶᠢᠴᠢᠯᠠᠯ ᠢᠶᠠᠷ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠢᠨᠵᠧᠨᠧᠷᠢᠩ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠪᠠᠷ ᠭᠤᠣᠯ ᠪᠣᠯᠭᠠᠭᠰᠠᠨ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ᠂ ᠤᠨᠠᠯᠲᠠ ᠳᠣᠣᠷ᠎ᠠ ᠦᠷ᠎ᠡ ᠠᠰᠢᠭ ᠢᠶᠠᠷ ᠳᠣᠣᠷ᠎ᠠ ᠤᠢ ᠰᠢᠭᠤᠶ ᠶᠢ ᠥᠭᠡᠷᠡᠴᠢᠯᠡᠬᠦ ᠪᠠ ᠤᠢ ᠰᠢᠭᠤᠶ ᠶᠢ ᠠᠷᠠᠴᠢᠯᠠᠨ ᠪᠤᠶᠢᠵᠢᠭᠤᠯᠬᠤ ᠳᠦᠷᠦᠯ ᠵᠦᠢᠯ ᠵᠡᠷᠭᠡ ᠠᠮᠢ ᠠᠬᠤᠶ ᠶᠢᠨ ᠪᠦᠳᠦᠬᠡᠨ ᠪᠠᠶᠢᠭᠤᠯᠤᠯᠲᠠ ᠶᠢᠨ ᠢᠨᠵᠧᠨᠧᠷᠢᠩ ᠢ ᠨᠠᠶᠢᠳᠠᠪᠤᠷᠢᠵᠢᠭᠤᠯᠵᠤ᠂ ᠪᠦᠳᠦᠬᠡᠨ ᠪᠠᠶᠢᠭᠤᠯᠬᠤ ᠪᠠ ᠬᠠᠮᠠᠭᠠᠯᠠᠬᠤ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠢ ᠰᠢᠭᠤᠶ ᠶᠢᠨ ᠡᠬᠢ ᠪᠠᠶᠠᠯᠢᠭ ᠢ ᠨᠡᠯᠢᠶᠡᠳ ᠲᠦᠷᠭᠡᠨ ᠬᠥᠭᠵᠢᠭᠦᠯᠪᠡ᠃ ᠤᠢᠢᠷ᠎ᠠ ᠶᠢᠨ ᠵᠢᠯ ᠤᠨ ᠲᠤᠷᠰᠢ᠂ ᠳᠠᠷᠬᠠᠨ ᠮᠤᠤᠮᠢᠩᠭᠠᠨ ᠬᠤᠰᠢᠭᠤ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠢ ᠪᠦᠲᠦᠮᠵᠢᠲᠡᠢ ᠬᠡᠷᠡᠭᠵᠢᠭᠦᠯᠵᠦ᠂ 83.7 ᠲᠦᠮᠡᠨ ᠮᠦ ᠶᠢ ᠬᠦᠷᠢᠶᠡᠯᠡᠨ ᠪᠢᠲᠡᠭᠦᠮᠵᠢᠯᠡᠵᠦ᠂ 15.1 ᠲᠦᠮᠡᠨ ᠮᠦ ᠶᠢ ᠲᠠᠷᠢᠮᠠᠯ ᠪᠤᠳᠠ ᠮᠣᠳᠣ ᠪᠠᠷ ᠣᠶᠢᠵᠢᠭᠤᠯᠵᠠᠢ᠃ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠲᠠᠷᠢᠶᠠᠯᠠᠬᠤ ᠣᠷᠣᠨ ᠤ 7 ᠲᠦᠮᠡᠨ ᠮᠥ ᠪᠠ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ 2.8 ᠲᠦᠮᠡᠨ ᠮᠥ ᠶᠢ ᠦᠷᠭᠦᠯᠵᠢᠯᠡᠨ ᠪᠠᠬᠢᠵᠢᠭᠦᠯᠦᠨ᠎ᠡ᠃ 8 ᠲᠦᠮᠡᠨ ᠮᠥ ᠣᠶ ᠰᠢᠭᠤᠶ ᠶᠢ ᠠᠷᠠᠴᠢᠯᠠᠨ ᠪᠤᠶᠢᠵᠢᠭᠤᠯᠬᠤ ᠪᠤᠲᠠ ᠮᠣᠳᠣᠨ ᠤ ᠣᠶ ᠶᠢᠨ ᠨᠢᠮᠪᠡᠭᠡ ᠶᠢ ᠲᠡᠭᠰᠢᠯᠡᠬᠦ ᠡᠭᠦᠷᠭᠡ ᠶᠢ ᠪᠡᠶᠡᠯᠡᠭᠦᠯᠵᠦ᠂ 2020 ᠣᠨ ᠳᠤ 5 ᠲᠦᠮᠡᠨ ᠮᠥ ᠶᠢᠨ ᠡᠭᠦᠷᠭᠡ ᠶᠢ ᠨᠢᠭᠡᠨᠲᠡ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠪᠡᠶᠡᠯᠡᠭᠦᠯᠵᠦ᠂ ᠲᠠᠷᠢᠶᠠᠨ ᠭᠠᠵᠠᠷ ᠢ ᠨᠢᠭᠡᠨᠲᠡ ᠨᠠᠶᠢᠳᠠᠪᠤᠷᠢᠵᠢᠭᠤᠯᠵᠤ᠂ ᠨᠠᠮᠤᠷ ᠡᠪᠦᠯ ᠤᠨ ᠤᠯᠠᠷᠢᠯ ᠤᠨ ᠨᠢᠮᠪᠡᠭᠡ ᠶᠢ ᠢᠴᠡᠭᠡᠯᠡᠬᠦ ᠬᠤᠭᠤᠴᠠᠭᠠᠨ ᠳᠤ ᠣᠷᠣᠭᠤᠯᠤᠭᠰᠠᠨ ᠤ ᠳᠠᠷᠠᠭ᠎ᠠ ᠡᠬᠢᠯᠡᠨ ᠬᠡᠷᠡᠭᠵᠢᠭᠦᠯᠦᠨ᠎ᠡ᠃      ᠣᠶᠢᠯᠠᠭᠠᠭᠰᠠᠨ ᠢᠶᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶ ᠰᠢᠭᠤᠶ ᠶᠢᠨ ᠲᠠᠯᠠᠪᠠᠶ 2012 ᠣᠨ ᠳᠤ 349.1 ᠲᠦᠮᠡᠨ ᠮᠥ ᠪᠠᠶᠢᠭᠰᠠᠨ ᠠᠴᠠ ᠪᠠᠨ ᠨᠡᠮᠡᠭᠳᠡᠭᠡᠳ 387.8 ᠲᠦᠮᠡᠨ ᠮᠥ ᠪᠣᠯᠵᠣ᠂ ᠣᠶ ᠰᠢᠭᠤᠶ ᠶᠢᠨ ᠪᠦᠷᠬᠦᠴᠡ 2003 ᠣᠨ ᠳᠤ 13.2% ᠪᠠᠶᠢᠭᠰᠠᠨ ᠠᠴᠠ ᠪᠠᠨ ᠳᠡᠭᠡᠭᠰᠢᠯᠡᠭᠡᠳ 14.9% ᠪᠣᠯᠵᠣ᠂ ᠠᠮᠢ ᠠᠬᠤᠶ ᠶᠢᠨ ᠣᠷᠴᠢᠨ ᠨᠥᠬᠦᠴᠡᠯ ᠢᠯᠡᠳᠲᠡ ᠰᠠᠶᠢᠵᠢᠷᠠᠭᠰᠠᠨ ᠪᠠᠶᠢᠨ᠎ᠠ᠃ ᠤᠢ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠭᠤᠣᠯᠳᠠᠯᠭ᠎ᠠ ᠲᠠᠢ ᠬᠠᠮᠢᠶᠠᠷᠴᠤ ᠬᠠᠮᠠᠭᠠᠯᠠᠬᠤ      ᠤᠢᠢᠷ᠎ᠠ ᠶᠢᠨ ᠵᠢᠯ ᠠᠴᠠ᠂ ᠳᠠᠷᠬᠠᠨ ᠮᠤᠤᠮᠢᠩᠭᠠᠨ ᠬᠤᠰᠢᠭᠤ ᠬᠠᠤᠯᠢ ᠶᠣᠰᠣᠭᠠᠷ ᠤᠢ ᠰᠢᠭᠤᠢ ᠡᠪᠡᠰᠦ ᠪᠡᠯᠴᠢᠭᠡᠷ ᠢ ᠵᠠᠰᠠᠵᠤ᠂ ᠪᠦᠬᠦ ᠣᠷᠣᠨ ᠤ ᠰᠢᠭᠤᠶᠢᠲᠤ ᠭᠠᠵᠠᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ ︾ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠬᠠᠮᠠᠭᠠᠯᠠᠨ ᠠᠰᠢᠭᠯᠠᠬᠤ ᠪᠠ ᠬᠠᠮᠢᠶᠠᠷᠬᠤ ᠪᠠᠨ ᠴᠢᠩᠭᠠᠳᠬᠠᠵᠤ᠂ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ ᠳᠦᠷᠢᠮ ᠢ ᠴᠢᠩᠳᠠᠯᠠᠵᠤ᠂ ᠰᠢᠭᠤᠶᠢᠲᠤ ᠭᠠᠵᠠᠷ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠲᠠᠲᠠᠪᠤᠷᠢᠯᠠᠨ ᠬᠡᠷᠡᠭᠯᠡᠬᠦ ᠠᠵᠢᠯ ᠢ ᠰᠠᠶᠢᠲᠤᠷ ᠬᠢᠵᠦ᠂ ᠬᠡᠷᠡᠭ ᠤᠨ ᠡᠮᠦᠨ᠎ᠡ ᠬᠢᠨᠠᠨ ᠵᠥᠪᠰᠢᠶᠡᠷᠡᠬᠦ᠂ ᠬᠡᠷᠡᠭ ᠤᠨ ᠳᠤᠮᠳᠠ ᠬᠢᠨᠠᠯᠲᠠ ᠲᠠᠯᠪᠢᠬᠤ ᠪᠠ ᠬᠡᠷᠡᠭ ᠤᠨ ᠳᠠᠷᠠᠭ᠎ᠠ ᠪᠠᠶᠢᠴᠠᠭᠠᠬᠤ ᠳᠦᠷᠢᠮ ᠢ ᠲᠡᠭᠦᠯᠳᠡᠷᠵᠢᠭᠦᠯᠪᠡ᠃ ᠳᠠᠷᠬᠠᠨ ᠮᠤᠤᠮᠢᠩᠭᠠᠨ ᠬᠤᠰᠢᠭᠤᠨ ᠳᠤ ᠨᠡᠶᠢᠲᠡ 5628.1 ᠲᠡᠭᠰᠢ ᠳᠥᠷᠪᠡᠯᠵᠢᠨ ᠺᠢᠯᠣᠮᠧᠲᠷ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ᠂ ᠠᠮᠢ ᠠᠬᠤᠶ ᠶᠢᠨ ᠰᠡᠷᠭᠡᠭ ᠬᠡᠪᠡᠷᠡᠭ ᠣᠷᠣᠨ᠂ ᠨᠡᠭᠡᠭᠡᠨ ᠬᠥᠭᠵᠢᠭᠦᠯᠬᠦ ᠶᠢ ᠴᠠᠭᠠᠵᠠᠯᠠᠬᠤ ᠣᠷᠣᠨ ᠵᠢᠴᠢ ᠪᠤᠰᠤᠳ ᠭᠤᠤᠯᠳᠠᠯᠭ᠎ᠠ ᠲᠠᠢ ᠬᠠᠮᠠᠭᠠᠯᠠᠬᠤ ᠴᠢᠬᠤᠯᠠᠲᠠᠶ ᠣᠷᠣᠨ ᠪᠦᠰᠡ ᠶᠢ ᠵᠠᠭᠠᠭᠯᠠᠨ ᠲᠣᠭᠲᠠᠭᠠᠵᠤ᠂ ᠶᠡᠷᠦᠩᠬᠡᠶ ᠲᠠᠯᠠᠪᠠᠶ ᠶᠢᠨ 32.1% ᠶᠢ ᠡᠵᠡᠯᠡᠬᠦ ᠶᠢᠨ ᠬᠠᠮᠲᠤ ᠪᠥᠬᠦ ᠣᠷᠣᠨ ᠳᠤ ᠠᠮᠢ ᠠᠬᠤᠶ ᠶᠢᠨ ᠤᠯᠠᠭᠠᠨ ᠱᠤᠭᠤᠮ ᠢ ᠬᠠᠶᠢᠨ ᠰᠢᠨᠵᠢᠵᠦ ᠵᠠᠭᠠᠭᠯᠠᠨ ᠲᠣᠭᠲᠠᠭᠠᠬᠤ ᠪᠠᠷᠢᠮᠵᠢᠶ᠎ᠠ ᠶᠢᠨ ᠲᠤᠷᠰᠢᠯᠲᠠ ᠶᠢᠨ ᠴᠢᠬ ᠤᠨ ᠠᠵᠢᠯ ᠢ ᠡᠩ ᠲᠡᠷᠢᠭᠦᠨ ᠳᠤ ᠥᠷᠨᠢᠭᠦᠯᠪᠡ᠃
     ᠳᠠᠷᠬᠠᠨ ᠮᠤᠤᠮᠢᠩᠭᠠᠨ ᠬᠤᠰᠢᠭᠤᠨ ᠤ ᠬᠢᠨ ᠣᠶᠢᠷ᠎ᠠ ᠶᠢᠨ ᠵᠢᠯ ᠳᠤ ᠲᠠᠯ᠎ᠠ ᠨᠤᠲᠤᠭ ᠤᠨ ᠬᠤᠯᠤᠭᠠᠨ᠎ᠠ ᠬᠤᠷᠣᠬᠠᠶ ᠶᠢᠨ ᠭᠠᠮᠰᠢᠭ ᠣᠯᠠᠨᠲᠠ ᠭᠠᠷᠴᠤ ᠪᠠᠶᠢᠭ᠎ᠠ ᠬᠦᠨᠳᠦ ᠨᠣᠴᠢᠲᠠᠶ ᠪᠠᠶᠢᠳᠠᠯ ᠳᠤ ᠴᠢᠭᠯᠡᠭᠦᠯᠦᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠤᠰᠬᠠᠶ ᠵᠦᠶ᠋ᠯ ᠤᠨ ᠪᠠᠯᠠ ᠮᠥᠩᠭᠦ ᠶᠢ ᠢᠳᠡᠪᠬᠢᠯᠡᠨ ᠣᠯᠵᠤ᠂ ᠬᠢᠨᠠᠨ ᠬᠡᠮᠵᠢᠵᠦ ᠰᠡᠷᠡᠮᠵᠢᠯᠡᠭᠦᠯᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ᠂ ᠠᠮᠢᠳᠤ ᠪᠣᠳᠠᠰ ᠤᠨ ᠰᠡᠷᠭᠡᠶᠢᠯᠡᠯᠲᠡ ᠶᠢᠨ ᠬᠠᠷᠢᠴᠠᠯ ᠢ ᠵᠢᠯ ᠳᠠᠷᠠᠭᠠᠯᠠᠨ ᠳᠡᠭᠡᠭᠰᠢᠯᠡᠭᠦᠯᠬᠦ᠂ ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠶ ᠶᠢᠨ ᠬᠥᠨᠥᠭᠡᠯ ᠢ ᠲᠤᠰᠬᠠᠶᠢᠵᠢᠭᠤᠯᠤᠨ ᠰᠡᠷᠭᠡᠶᠢᠯᠡᠨ ᠵᠠᠰᠠᠬᠤ ᠦᠶ᠋ᠯᠡᠴᠢᠯᠡᠭᠡᠨ ᠤ ᠠᠩᠭᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠂ ᠵᠠᠩᠭᠢᠯᠠᠭ᠎ᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠣᠯᠠᠨ ᠵᠦᠶ᠋ᠯ ᠤᠨ ᠠᠷᠭ᠎ᠠ ᠬᠡᠮᠵᠢᠶ᠎ᠡ ᠶᠢ ᠠᠪᠴᠤ᠂ ᠠᠮᠢᠳᠤ ᠪᠣᠳᠠᠰ ᠤᠨ ᠰᠡᠷᠭᠡᠶᠢᠯᠡᠨ ᠵᠠᠰᠠᠬᠤ ᠡᠷᠴᠢᠮ ᠢ ᠴᠢᠩᠭᠠᠷᠠᠭᠤᠯᠤᠨ᠂ ᠬᠤᠯᠤᠭᠠᠨ᠎ᠠ ᠪᠠᠶᠢᠭᠠᠳ ᠬᠤᠤᠷ ᠥᠬᠡᠶ᠂ ᠴᠠᠷᠴᠠᠬᠠᠶ ᠶᠢ ᠲᠡᠭᠰᠢ ᠳᠥᠷᠪᠡᠯᠵᠢᠨ ᠮᠧᠲᠷ ᠪᠦᠷᠢ ᠳᠤ 20 ᠲᠣᠯᠣᠭᠠᠶ ᠠᠴᠠ ᠳᠣᠷᠣᠭᠰᠢ ᠪᠣᠯᠲᠠᠯ᠎ᠠ ᠬᠢᠵᠠᠭᠠᠷᠯᠠᠬᠤ ᠪᠠᠷ ᠴᠢᠷᠮᠠᠶᠢᠨ᠎ᠠ᠃ ᠣᠶᠢᠯᠠᠭᠠᠭᠰᠠᠨ ᠢᠶᠠᠷ᠂ ᠣᠲᠣ ᠪᠣᠯᠲᠠᠯ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠡᠪᠡᠳᠴᠢᠨ ᠬᠤᠷᠣᠬᠠᠶ ᠶᠢᠨ ᠭᠠᠮᠰᠢᠭ ᠤᠨ ᠨᠣᠷᠮ᠎ᠠ ᠶᠢ 5‰ ᠶᠢᠨ ᠳᠣᠲᠣᠷ᠎ᠠ ᠬᠢᠵᠠᠭᠠᠷᠯᠠᠵᠤ᠂ ᠨᠡᠶᠢᠲᠡ ᠶᠢᠨ ᠬᠥᠨᠥᠭᠡᠯ ᠥᠬᠡᠶ ᠪᠠ ᠠᠮᠢᠳᠤ ᠪᠣᠳᠠᠰ ᠤᠨ ᠰᠡᠷᠭᠡᠶᠢᠯᠡᠨ ᠵᠠᠰᠠᠬᠤ ᠨᠣᠷᠮ᠎ᠠ ᠶᠢ 90% ᠠᠴᠠ ᠳᠡᠭᠡᠭᠰᠢ ᠬᠡᠮᠵᠢᠶᠡᠨ ᠳᠤ ᠬᠦᠷᠭᠡᠭᠰᠡᠨ ᠪᠠᠶᠢᠨ᠎ᠠ᠃ 2021 ᠣᠨ ᠤ ᠬᠠᠪᠤᠷ᠂ ᠴᠢᠬᠢ ᠮᠣᠳᠣᠨ ᠤ ᠬᠢᠵᠢᠭ ᠪᠠᠶᠢᠴᠠᠭᠠᠯᠲᠠ ᠶᠢᠨ ᠬᠠᠮᠢᠶᠠᠷᠤᠯᠲᠠ ᠶᠢ ᠭᠤᠤᠯᠳᠠᠯᠭ᠎ᠠ ᠲᠠᠢ ᠴᠢᠩᠭᠠᠳᠬᠠᠵᠤ᠂ ᠭᠠᠷᠤᠯᠲᠠ ᠶᠢᠨ ᠣᠷᠣᠨ ᠤ ᠬᠢᠵᠢᠭ ᠪᠠᠶᠢᠴᠠᠭᠠᠯᠲᠠ ᠶᠢᠨ ᠨᠣᠷᠮ᠎ᠠ ᠶᠢ 100% ᠳᠤ ᠬᠦᠷᠦᠭᠦᠯᠬᠦ ᠶᠢᠨ ᠬᠠᠮᠲᠤ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠲᠥᠷᠥᠯ ᠤᠨ ᠲᠦᠷᠢᠮᠡᠬᠡᠶᠢᠯᠡᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠰᠠᠶᠢᠲᠤᠷ ᠬᠢᠵᠦ᠂ ᠠᠮᠧᠷᠢᠺᠠ ᠶᠢᠨ ᠴᠠᠭᠠᠨ ᠡᠷᠪᠡᠬᠡᠶ ᠵᠡᠷᠭᠡ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠲᠥᠷᠥᠯ ᠤᠨ ᠲᠦᠷᠢᠮᠡᠬᠡᠶᠢᠯᠡᠯ ᠤᠨ ᠪᠠᠶᠢᠳᠠᠯ ᠢ ᠣᠯᠵᠤ ᠮᠡᠳᠡᠭᠰᠡᠨ ᠥᠬᠡᠶ ᠪᠠᠶᠢᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠪᠠᠶᠢᠨ᠎ᠠ᠃ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠷᠭᠦᠯᠵᠢᠯᠡᠨ ᠪᠠᠲᠤ ᠪᠠᠶᠢᠭᠤᠯᠬᠤ       ᠳᠠᠷᠬᠠᠨ ᠮᠤᠤᠮᠢᠩᠭᠠᠨ ᠬᠤᠰᠢᠭᠤ ᠨᠢ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠬᠦᠬᠡ ᠣᠭᠲᠠᠷᠭᠤᠢ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠪᠦᠬᠦ ᠲᠠᠯ᠎ᠠ ᠪᠠᠷ ᠠᠬᠢᠭᠤᠯᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠰᠢᠰᠲᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ᠎ᠡ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠡᠶᠢᠲᠡ 83 ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠡᠭᠦᠷᠭᠡ ᠶᠢ ᠪᠡᠶᠡᠯᠡᠭᠦᠯᠵᠦ᠂ ᠲᠤᠬᠠᠶ ᠶᠢᠨ ᠬᠤᠭᠤᠴᠠᠭᠠᠨ ᠳᠤ ᠪᠠᠶᠢᠭ᠎ᠠ ᠠᠭᠤᠷᠬᠠᠶ ᠶᠢᠨ ᠭᠠᠵᠠᠷ ᠢ 932 ᠾᠧᠺᠲ᠋ᠠᠷ ᠵᠠᠰᠠᠪᠠ︔ ᠠᠶ ᠪᠦ᠋ ᠭᠠᠶ ᠤᠰᠤᠨ ᠰᠢᠰᠲ᠋ᠧᠮ ᠢ ᠬᠤᠯᠪᠣᠨ ᠨᠡᠪᠲᠡᠷᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠠᠮᠢ ᠠᠬᠤᠶ ᠶᠢᠨ ᠡᠷᠭᠢ ᠶᠢᠨ ᠬᠠᠮᠠᠭᠠᠯᠠᠯᠲᠠ ᠶᠢ 18 .43 ᠺᠢᠯᠣᠮᠧᠲᠷ ᠪᠠᠶᠢᠭᠤᠯᠵᠤ᠂ 11 .52 ᠺᠢᠯᠣᠮᠧᠲᠷ ᠭᠤᠣᠯ ᠤᠨ ᠵᠠᠮ ᠢ ᠵᠠᠰᠠᠪᠠ︔ ᠭᠤᠣᠯ ᠨᠠᠭᠤᠷ ᠨᠤᠭᠤ ᠭᠠᠵᠠᠷ   ᠢ ᠵᠠᠰᠠᠬᠤ ᠪᠠ ᠰᠡᠯᠪᠢᠨ ᠰᠡᠷᠭᠦᠭᠡᠬᠦ ᠢᠨᠵᠧᠨᠧᠷᠢᠩ   ᠢ ᠬᠡᠷᠡᠭᠵᠢᠭᠦᠯᠵᠦ᠂ ᠲᠩᠷᠢ ᠨᠠᠭᠤᠷ   ᠤᠨ ᠬᠠᠮᠠᠭᠠᠯᠠᠯᠲᠠ ᠶᠢᠨ ᠣᠷᠣᠨ ᠤ 15205 ᠡᠾᠤᠺᠲ᠋ᠠᠷ   ᠤᠨ ᠠᠮᠢ ᠠᠬᠤᠶ ᠶᠢ ᠬᠠᠮᠠᠭᠠᠯᠠᠬᠤ ᠪᠠ ᠰᠡᠯᠪᠢᠨ ᠰᠡᠷᠭᠦᠭᠡᠬᠦ ᠶᠢ ᠪᠡᠶᠡᠯᠡᠭᠦᠯᠵᠦ᠂ ᠤᠰᠤ ᠬᠠᠳᠠᠭᠠᠯᠠᠬᠤ ᠬᠡᠮᠵᠢᠶ᠎ᠡ ᠶᠢ 1  ᠳ᠋ᠦᠩᠰᠢᠭᠤᠷ ᠪᠣᠰᠤᠭ᠎ᠠ ᠳᠥᠷᠪᠡᠯᠵᠢᠨ ᠮᠤ᠋ ᠬᠦᠷᠲᠡᠯ᠎ᠡ ᠰᠡᠷᠭᠦᠭᠡᠪᠡ᠃
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠠᠨᠬᠠᠩᠭᠠᠶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠥᠷᠲᠡᠭᠡ︾ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ — ᠪᠠᠶᠠᠨᠬᠠᠩᠭᠠᠶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠬᠠᠮᠢᠶᠠᠷᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠭᠤᠯᠪᠠ᠃ ᠭᠤᠣᠯᠳᠠᠯᠭ᠎ᠠ ᠲᠠᠢ ᠪᠠᠷ ᠴᠦᠯ ᠤᠨ ᠬᠡᠯᠪᠡᠷᠢ ᠶᠢᠨ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ᠂ ᠬᠤᠪᠣᠷ ᠴᠤᠬᠠᠭ ᠬᠡᠭᠡᠷ᠎ᠡ ᠶᠢᠨ ᠠᠮᠢᠳᠠᠨ ᠤᠷᠭᠤᠮᠠᠯ᠂ ᠥᠪᠥᠷ ᠮᠣᠩᠭᠤᠯ ᠤᠨ ᠬᠠᠷ᠎ᠠ ᠴᠣᠷ ᠤᠨ ᠤᠰᠤᠨ ᠰᠢᠰᠲ᠋ᠧᠮ ᠤᠨ ᠬᠠᠳᠠᠭᠠᠯᠠᠮᠵᠢ ᠶᠢᠨ ᠭᠠᠵᠠᠷ ᠢᠶᠠᠷ ᠭᠤᠣᠯ ᠬᠠᠮᠠᠭᠠᠯᠠᠬᠤ ᠡᠲᠡᠭᠡᠳ ᠢᠶᠠᠨ ᠪᠣᠯᠭᠠᠨ᠎ᠠ᠃      ᠣᠶᠢᠯᠠᠭᠠᠭᠰᠠᠨ ᠢᠶᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠭᠠᠷ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠨᠢ ᠵᠢᠯ ᠪᠦᠷᠢ ᠳᠤᠮᠳᠠᠴᠢ ᠪᠠᠷ 91.5% ᠳᠤ ᠬᠦᠷᠴᠦ᠂ ᠠᠭᠠᠷ ᠤᠨ ᠶᠠᠰᠤ ᠴᠢᠨᠠᠷ ᠤᠨ ᠵᠢᠭᠠᠯᠲᠠ ᠲᠤᠭ᠎ᠠ ᠨᠢ ᠪᠥᠬᠦ ᠬᠤᠲᠠ ᠳᠤ ᠲᠡᠷᠢᠭᠦᠯᠡᠵᠦ ᠪᠠᠶᠢᠨ᠎ᠠ᠃ ᠪᠠᠲᠤᠬᠠᠭᠠᠯᠭ᠎ᠠ ᠪᠠᠯᠭᠠᠰᠤ ᠨᠢ ᠪᠥᠬᠦ ᠤᠯᠤᠰ ᠤᠨ ᠠᠩᠬᠠᠳᠠᠭᠴᠢ ᠪᠦᠯᠦᠭ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠰᠡᠨ ᠭᠠᠵᠠᠷ ᠣᠷᠣᠨ ᠳᠤ ᠵᠢᠭᠰᠠᠭᠠᠭᠳᠠᠵᠤ᠂ ᠱᠢ ᠪᠦᠦ ᠲᠡᠮᠦᠷ ᠤᠨ ᠠᠭᠤᠷᠬᠠᠶ ᠨᠢ ᠪᠥᠬᠦ ᠤᠯᠤᠰ ᠤᠨ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ ᠤᠷᠤᠭᠰᠠᠨ ᠪᠠᠶᠢᠨ᠎ᠠ᠃ ᠣᠳᠣᠬᠠᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶ ᠰᠢᠭᠤᠶ᠂ ᠨᠤᠲᠤᠭ ᠪᠡᠯᠴᠢᠭᠡᠷ ᠤᠨ ᠵᠢᠯ ᠤᠨ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠶᠡᠷᠦᠩᠬᠡᠶ ᠬᠡᠮᠵᠢᠶ᠎ᠡ ᠪᠠᠷᠤᠭ 360 ᠲᠦᠮᠡᠨ ᠲᠣᠨ ᠳᠤ ᠬᠦᠷᠴᠦ᠂ ︽ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠠᠵᠢᠯ ᠢ ᠪᠦᠲᠦᠮᠵᠢᠲᠡᠶ ᠠᠬᠢᠭᠤᠯᠵᠤ ᠪᠠᠶᠢᠨ᠎ᠠ᠃      ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ︾᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ︽ᠲᠩᠷᠢ ᠨᠢ ᠨᠡᠩ ᠴᠡᠯᠮᠡᠭ᠂ ᠠᠭᠤᠯᠠ ᠨᠢ ᠨᠡᠩ ᠬᠥᠬᠡᠮᠳᠦᠭ᠂ ᠤᠰᠤ ᠨᠢ ᠨᠡᠩ ᠨᠣᠭᠤᠭᠠᠨ᠂ ᠭᠠᠵᠠᠷ ᠨᠢ ᠨᠡᠩ ᠴᠡᠪᠡᠷ᠂ ᠬᠤᠲᠠ ᠬᠥᠳᠡᠭᠡ ᠨᠢ ᠨᠡᠩ ᠦᠵᠡᠰᠬᠦᠯᠡᠩᠲᠦ︾ ᠲᠠᠪᠤᠨ ᠶᠡᠭᠡ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠤᠷᠢᠳ ᠢᠶᠠᠷ ᠬᠡᠷᠡᠭᠵᠢᠭᠦᠯᠬᠦ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠵᠤ᠂ ᠡᠬᠢ ᠪᠠᠶᠠᠯᠢᠭ ᠢ ᠥᠨᠳᠥᠷ ᠪᠦᠲᠦᠮᠵᠢᠲᠡᠶ ᠠᠰᠢᠭᠯᠠᠬᠤ ᠶᠢ ᠴᠢᠩᠭᠠᠷᠠᠭᠤᠯᠤᠨ᠂ ᠡᠨᠧᠷᠭᠢ ᠶᠢᠨ ᠬᠤᠷᠣᠭᠳᠠᠭᠤᠯᠤᠯ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢ ᠴᠢᠩᠭ᠎ᠠ ᠬᠢᠵᠠᠭᠠᠷᠯᠠᠵᠤ᠂ ᠭᠠᠵᠠᠷ ᠰᠢᠷᠣᠶ ᠶᠢᠨ ᠬᠡᠷᠡᠭᠯᠡᠯᠲᠡ ᠶᠢ ᠴᠢᠩᠭ᠎ᠠ ᠬᠠᠮᠢᠶᠠᠷᠤᠨ ᠡᠵᠡᠮᠳᠡᠵᠦ᠂ ᠪᠣᠬᠢᠷᠲᠤᠯ ᠥᠬᠡᠶ ᠬᠤᠲᠠ ᠪᠠᠯᠭᠠᠰᠤ᠂ ᠬᠠᠶᠠᠭᠳᠠᠮᠠᠯ ᠥᠬᠡᠶ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢ ᠥᠷᠨᠢᠭᠦᠯᠦᠨ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠪᠠ ᠪᠣᠬᠢᠷᠲᠤᠯ ᠥᠬᠡᠶ ᠰᠤᠷᠭᠠᠭᠤᠯᠢ᠂ ᠨᠡᠶᠢᠭᠡᠮ ᠲᠣᠭᠤᠷᠢᠭ᠂ ᠬᠡᠷ ᠪᠦᠯᠢ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠦᠶ᠋ᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠳᠬᠡᠨ ᠪᠣᠶ ᠪᠣᠯᠭᠠᠵᠤ᠂ ︽ᠳ᠋ᠠ ᠮᠤᠤ ᠯᠠᠨ︾᠂ ︽ᠲᠠᠯ᠎ᠠ ᠨᠤᠲᠤᠭ ᠤᠨ ᠨᠣᠭᠤᠭᠠᠨ︾ ᠵᠡᠷᠭᠡ ᠠᠮᠢ ᠠᠬᠤᠶ ᠶᠢᠨ ᠪᠦᠲᠦᠭᠡᠭᠳᠡᠬᠦᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠤᠮᠠᠷᠠᠲᠤ ᠬᠢᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号