8 ᠰᠠᠷ᠎ᠠ ᠶᠢᠨ 31 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠠᠶᠤᠯᠭᠦᠶ ᠦᠶ᠋ᠯᠡᠳᠪᠦᠷᠢᠯᠡᠯ ᠤᠨ ᠠᠶᠤᠯ ᠲᠦᠭᠰᠢᠭᠦᠷᠢ ᠶᠢ | ᠰᠡᠷᠭᠡᠶᠢᠯᠡᠬᠦ ᠲᠤᠰᠬᠠᠶ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ | ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ᠂ ᠴᠠᠭᠳᠠᠨ ᠪᠠᠶᠢᠴᠠᠭᠠᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠴᠢᠦᠶ ᠨᠢᠩ ᠬᠤᠷᠠᠯ ᠳᠤ ᠣᠷᠣᠯᠴᠠᠭᠰᠠᠨ ᠪᠥᠭᠡᠳ | ᠳᠠᠶᠢᠴᠢᠯᠠᠯᠲᠠ ᠶᠢᠨ ᠶᠠᠷᠢᠶ᠎ᠠ ᠲᠠᠯᠪᠢᠵᠠᠶ᠃ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ | ᠳᠡᠳ᠋ ᠡᠷᠬᠢᠯᠡᠭᠴᠢ ᠸᠠᠩ ᠼᠦᠨ ᠬᠤ ᠲᠣᠰ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ | ᠡᠷᠬᠡ ᠣᠯᠭᠤᠭᠰᠠᠨ ᠲᠣᠭᠲᠠᠭᠠᠯ ᠢ ᠨᠡᠶᠢᠲᠡᠯᠡᠪᠡ᠃ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠴᠠᠭᠳᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠦ᠋ ᠴᠢᠶᠦ᠋ᠩ ᠬᠤᠷᠠᠯ ᠢ | ᠡᠷᠬᠢᠯᠡᠪᠡ᠃ | | ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪ ᠤᠨ ᠲᠣᠭᠤᠷᠢᠨ | ᠪᠠᠶᠢᠴᠠᠭᠠᠬᠤ ᠲᠣᠭᠤᠷᠢᠨ ᠴᠠᠭᠳᠠᠬᠤ ᠰᠢᠨ᠎ᠡ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠬᠡᠷᠡᠭᠲᠡᠢ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠦᠷᠭᠦᠯᠵᠢᠯᠡᠨ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠵᠤ᠂ ︽ | ᠤᠯᠤᠰ ᠤᠨ ᠲᠣᠮᠣ ᠬᠥᠮᠦᠰ︾ ᠤᠨ ᠲᠤᠬᠠᠶ ᠳᠣᠲᠣᠷ᠎ᠠ ᠪᠠᠨ ᠲᠤᠭ᠎ᠠ ᠲᠠᠢ ᠪᠠᠶᠢᠬᠤ ᠶᠢ ᠦᠨᠡᠨᠬᠦ ᠪᠡᠶᠡᠯᠡᠭᠦᠯᠵᠦ᠂ | ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠬᠤ ᠶᠢᠨ ᠪᠠᠶᠢᠷᠢ ᠲᠣᠭᠲᠠᠭᠠᠯᠲᠠ᠂ ᠴᠢᠭᠯᠡᠯᠲᠡ᠂ ᠭᠤᠣᠯᠳᠠᠯᠭ᠎ᠠ᠂ | ᠠᠷᠭ᠎ᠠ ᠵᠡᠷᠭᠡ ᠲᠠᠯ᠎ᠠ ᠪᠠᠷ ᠳᠣᠲᠣᠷ᠎ᠠ ᠪᠠᠨ ᠲᠤᠭ᠎ᠠ ᠲᠠᠢ᠂ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ | ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ᠂ ᠪᠠᠶᠢᠷᠢ ᠰᠠᠭᠤᠷᠢ ᠦᠢᠯᠡᠳᠦᠯ ᠵᠡᠷᠭᠡ ᠳᠤ ᠳᠣᠲᠣᠷ᠎ᠠ ᠪᠠᠨ ᠲᠤᠭ᠎ᠠ ᠲᠠᠢ | ᠪᠠᠶᠢᠵᠤ᠂ ᠴᠠᠭᠳᠠᠨ ᠪᠠᠶᠢᠴᠠᠭᠠᠬᠤ ᠶᠢᠨ ᠤᠯᠤᠰ ᠲᠥᠷᠥ ᠶᠢᠨ ᠬᠢᠨᠠᠯᠲᠠ ᠲᠠᠯᠪᠢᠬᠤ ᠦᠶ᠋ᠯᠡᠳᠦᠯ ᠢ ᠭᠦᠶ᠋ᠴᠡᠳ | ᠪᠠᠳᠠᠷᠠᠭᠤᠯᠵᠤ᠂ ᠠᠰᠠᠭᠤᠳᠠᠯ ᠢ ᠣᠨᠣᠪᠴᠢᠲᠠᠶ ᠢᠯᠡᠷᠡᠭᠦᠯᠬᠦ᠂ ᠠᠰᠠᠭᠤᠳᠠᠯ ᠢ ᠣᠨᠣᠪᠴᠢᠲᠠᠶ ᠵᠠᠳᠠᠯᠬᠤ᠂ ᠠᠰᠠᠭᠤᠳᠠᠯ ᠢ | ᠣᠨᠣᠪᠴᠢᠲᠠᠶ ᠰᠢᠶ᠋ᠳᠪᠦᠷᠢᠯᠡᠬᠦ ᠶᠢ ᠣᠨᠣᠪᠴᠢᠲᠠᠶ ᠳᠥᠯᠭᠢᠨ ᠠᠬᠢᠭᠤᠯᠬᠤ ᠶᠢ ᠪᠠᠲᠤᠯᠠᠵᠤ᠂ ᠨᠠᠮ ᠤᠨ ᠲᠥᠪ | ᠬᠤᠷᠢᠶ᠎ᠠ ᠶᠢᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ | ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ ᠨᠠᠷᠢᠯᠢᠭ | ᠨᠠᠶᠢᠳᠠᠪᠤᠷᠢᠵᠢᠭᠤᠯᠬᠤ ᠶᠢ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ | ᠰᠠᠶᠢᠲᠤᠷ ᠡᠬᠢᠯᠡᠭᠦᠯᠵᠦ᠂ ᠰᠠᠶᠢᠨ ᠡᠬᠢᠯᠡᠯᠲᠡ ᠲᠠᠢ ᠪᠣᠯᠭᠠᠬᠤ ᠬᠡᠷᠡᠭᠲᠡᠶ᠃ | ᠬᠤᠷᠠᠯ ᠠᠴᠠ᠂ ᠬᠢᠨᠠᠯᠲᠠ ᠲᠠᠯᠪᠢᠬᠤ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ | ᠥᠨᠳᠥᠷ ᠪᠠᠷᠢᠮᠵᠢᠶ᠎ᠠ ᠪᠠᠷ ᠲᠤᠰ ᠡᠭᠡᠯᠵᠢ ᠶᠢᠨ ᠲᠤᠰᠬᠠᠢ ᠲᠦᠷᠦᠯ ᠤᠨ ᠴᠠᠭᠳᠠᠨ ᠪᠠᠶᠢᠴᠠᠭᠠᠯᠲᠠ ᠶᠢ ᠪᠡᠶᠡᠯᠡᠭᠦᠯᠬᠦ | ᠬᠡᠷᠡᠭᠲᠡᠢ᠃ ᠲᠤᠰ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢ ᠥᠷᠨᠢᠭᠦᠯᠬᠦ ᠳᠤ ᠪᠦᠬᠦ ᠬᠤᠰᠢᠭᠤᠨ ᠤ ᠡᠯ᠎ᠡ ᠭᠠᠵᠠᠷ | ᠣᠷᠣᠨ ᠤ ᠪᠠᠶᠢᠭᠤᠯᠤᠯᠭ᠎ᠠ ᠶᠢᠨ ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ | ᠴᠢᠬᠤᠯᠠ ᠥᠭᠦᠯᠡᠯᠲᠡ᠂ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠭᠦᠢᠴᠡᠳ ᠲᠠᠨᠢᠵᠤ᠂ ᠵᠢᠴᠢ ᠰᠢᠨ᠎ᠡ ᠨᠢᠭᠡ ᠬᠤᠭᠤᠴᠠᠭᠠᠨ ᠤ ᠬᠤᠰᠢᠭᠤᠨ ᠤ ᠨᠠᠮ ᠤᠨ | ᠬᠤᠷᠢᠶᠠᠨ ᠤ ᠡᠯ᠎ᠡ ᠵᠦᠢᠯ ᠤᠨ ᠠᠵᠢᠯ ᠢ ᠥᠨᠳᠥᠷ ᠭᠠᠷᠤᠭ᠎ᠠ᠂ ᠥᠨᠳᠥᠷ ᠪᠠᠷᠢᠮᠵᠢᠶ᠎ᠠ ᠪᠠᠷ ᠡᠬᠢᠯᠡᠭᠦᠯᠦᠨ ᠡᠬᠢᠯᠡᠭᠦᠯᠬᠦ ᠶᠢ | ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ᠂ ᠨᠠᠮ ᠤᠨ ᠲᠥᠪ ᠬᠤᠷᠢᠶ᠎ᠠ ᠪᠣᠯᠤᠨ ᠲᠥᠷᠥ ᠶᠢᠨ ᠶᠠᠪᠤᠳᠠᠯ ᠤᠨ | ᠬᠤᠷᠢᠶᠠᠨ ᠤ ᠠᠶᠤᠯᠭᠦᠶ ᠦᠢᠯᠡᠳᠪᠦᠷᠢᠯᠡᠯ ᠤᠨ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ᠂ ᠣᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠣᠯᠤᠨ ᠲᠥᠪ | ᠪᠤᠰᠤ ᠰᠤᠷᠲᠠᠯ ᠤᠨ ᠪᠠᠶᠢᠳᠠᠯ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠪᠣᠯᠤᠨ ᠪᠡᠶᠡᠴᠢ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠵᠢᠴᠢ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠤᠭᠰᠠᠨ ᠪᠠᠶᠢᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠦᠷᠦᠯ ᠤᠨ ᠬᠢᠨᠠᠯᠲᠠ ᠲᠠᠯᠪᠢᠵᠤ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠢ ᠨᠠᠶᠢᠳᠠᠪᠤᠷᠢᠵᠢᠭᠤᠯᠬᠤ ᠶᠢ ᠴᠢᠩᠭ᠎ᠠ ᠠᠩᠬᠠᠷᠴᠤ᠂ ᠠᠶᠤᠯᠭᠦᠢ ᠦᠢᠯᠡᠳᠪᠦᠷᠢᠯᠡᠯ ᠤᠨ | ᠬᠦᠷᠢᠶᠡᠨ ᠤ ᠭᠦᠨ ᠳᠠᠪᠬᠤᠷᠭ᠎ᠠ ᠶᠢᠨ ᠠᠰᠠᠭᠤᠳᠠᠯ ᠢ ᠬᠦᠴᠦᠯᠡᠨ ᠢᠯᠡᠷᠡᠭᠦᠯᠵᠦ᠂ ᠴᠢᠩᠭ᠎ᠠ ᠬᠦᠴᠦᠲᠡᠢ | ᠰᠦᠷᠳᠡᠭᠦᠯᠦᠯ ᠢ ᠪᠤᠢ ᠪᠣᠯᠭᠠᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠠᠶᠤᠯᠭᠦᠢ | ᠦᠢᠯᠡᠳᠪᠦᠷᠢᠯᠡᠯ ᠤᠨ ᠲᠦᠭᠰᠢᠭᠦᠷᠢ ᠶᠢ ᠰᠡᠷᠭᠡᠶᠢᠯᠡᠬᠦ ᠠᠵᠢᠯ ᠢ ᠴᠢᠩᠭᠠᠳᠬᠠᠬᠤ ᠶᠢ ᠠᠬᠢᠭᠤᠯᠵᠤ᠂ ᠥᠷᠭᠡᠨ ᠤᠯᠠᠨ | ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ | ᠬᠤᠷᠠᠯ ᠠᠴᠠ᠂ ᠡᠯ᠎ᠡ ᠴᠠᠭᠳᠠᠨ ᠪᠠᠶᠢᠴᠠᠭᠠᠭᠳᠠᠵᠤ ᠪᠠᠶᠢᠭ᠎ᠠ ᠭᠠᠵᠠᠷ ᠣᠷᠣᠨ ᠤ ᠨᠢᠭᠡᠴᠡ ᠶᠢᠨ ᠨᠠᠮ ᠤᠨ | ᠵᠣᠬᠢᠶᠠᠨ ᠪᠠᠶᠢᠭᠤᠯᠤᠯᠲᠠ ᠢᠯᠠᠩᠭᠤᠶ᠎ᠠ ᠲᠤᠰ ᠤᠳᠠᠭ᠎ᠠ ᠳᠤ ᠬᠤᠯᠪᠣᠭᠳᠠᠭᠰᠠᠨ ᠵᠠᠷᠢᠮ ᠬᠤᠰᠢᠭᠤᠨ ᠳᠤ ᠰᠠᠭᠤᠭ᠎ᠠ | ᠰᠠᠯᠠᠭ᠎ᠠ ᠮᠥᠴᠢᠷ ᠤᠨ ᠬᠢᠨ ᠡᠷᠬᠡᠪᠰᠢ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠴᠠᠭᠳᠠᠨ ᠪᠠᠶᠢᠴᠠᠭᠠᠬᠤ | ᠳᠤᠭᠤᠶᠢᠯᠠᠩ ᠤᠨ ᠬᠢᠨᠠᠯᠲᠠ ᠪᠠᠶᠢᠴᠠᠭᠠᠯᠲᠠ ᠶᠢ ᠬᠦᠯᠢᠶᠡᠵᠦ᠂ ᠤᠯᠤᠰ ᠲᠦᠷᠦ ᠶᠢ ᠡᠷᠬᠢᠮᠯᠡᠵᠦ᠂ ᠶᠡᠭᠡ ᠲᠠᠯ᠎ᠠ ᠶᠢ | ᠬᠠᠷᠠᠭᠠᠯᠵᠠᠵᠤ᠂ ᠶᠣᠰᠣ ᠲᠦᠷᠢᠮ ᠢ ᠰᠠᠬᠢᠵᠤ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠦᠨᠡᠨᠬᠦ ᠰᠤᠷᠭᠠᠨ | ᠬᠥᠮᠦᠵᠢᠭᠦᠯᠬᠦ᠂ ᠬᠠᠯᠠᠮᠵᠢᠯᠠᠬᠤ᠂ ᠰᠢᠯᠭᠠᠬᠤ ᠪᠠ ᠬᠠᠶᠢᠷᠠᠯᠠᠬᠤ ᠪᠠᠷ ᠦᠵᠡᠵᠦ᠂ ᠤᠬᠠᠮᠰᠠᠷᠲᠤ ᠠᠵᠢᠯᠯᠠᠭ᠎ᠠ ᠪᠣᠯᠭᠠᠬᠤ | ᠬᠡᠷᠡᠭᠲᠡᠢ︔ ᠲᠤᠰᠬᠠᠶ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠪᠠᠶᠢᠩᠭᠤᠵᠢᠭᠰᠠᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠤᠭᠤᠶᠢᠯᠠᠩ ᠤᠨ ᠳᠣᠲᠣᠭᠠᠳᠤ ᠶᠢᠨ | ᠰᠡᠷᠭᠡᠶᠢᠯᠡᠨ ᠡᠵᠡᠮᠳᠡᠬᠦ ᠡᠯ᠎ᠡ ᠵᠦᠶ᠋ᠯ ᠤᠨ ᠠᠷᠭ᠎ᠠ ᠬᠡᠮᠵᠢᠶ᠎ᠡ ᠶᠢ ᠦᠨᠡᠨ ᠬᠦ ᠴᠢᠩᠭ᠎ᠠ ᠠᠳᠬᠤᠵᠤ ᠪᠣᠳᠠᠲᠠᠶ ᠠᠳᠬᠤᠵᠤ | ᠨᠠᠷᠢᠨ ᠠᠳᠬᠤᠵᠤ᠂ ᠣᠨᠣᠯ ᠢᠶᠠᠷ ᠵᠡᠪᠰᠡᠭᠯᠡᠬᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠰᠠᠬᠢᠯᠭ᠎ᠠ ᠪᠠᠲᠤ ᠶᠢᠨ | ᠱᠠᠭᠠᠷᠳᠠᠯᠭ᠎ᠠ ᠶᠢ ᠴᠢᠩᠭᠠᠳᠬᠠᠨ᠂ ᠤᠯᠤᠰ ᠲᠥᠷᠥ ᠶᠢᠨ ᠬᠠᠷᠢᠭᠤᠴᠠᠯᠭ᠎ᠠ ᠶᠢ ᠰᠠᠶᠢᠲᠤᠷ ᠡᠭᠦᠷᠭᠡᠯᠡᠵᠦ᠂ ᠰᠢᠨ᠎ᠡ ᠨᠢᠭᠡ | ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠬᠦᠨᠳᠦ ᠨᠠᠶᠢᠳᠠᠯᠭ᠎ᠠ᠂ ᠪᠥᠬᠦ ᠬᠤᠰᠢᠭᠤᠨ ᠤ ᠠᠷᠠᠳ | ᠣᠯᠠᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠥᠬᠡᠶ ᠪᠠᠷ ᠲᠣᠭᠤᠷᠢᠨ ᠪᠠᠶᠢᠴᠠᠭᠠᠬᠤ ᠠᠵᠢᠯ ᠤᠨ ᠪᠣᠳᠠᠲᠠᠶ | ᠭᠦᠨᠵᠡᠭᠡᠶᠢᠷᠡᠵᠦ᠂ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ |