ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ | ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠯᠪᠠᠨ ᠭᠡᠷ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ | ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠬᠤᠭᠤᠴᠠᠭᠠᠨ ᠳᠠᠬᠢ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ | ᠲᠣᠭᠤᠷᠢᠨ ᠤ ᠰᠣᠶᠣᠯ ᠤᠨ ᠣᠷᠴᠢᠨ ᠲᠣᠭᠤᠷᠢᠨ ᠢ ᠲᠥᠪᠯᠡᠷᠡᠭᠦᠯᠦᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠶᠢᠨ ᠲᠥᠯᠥᠭᠡ᠂ 8 ᠰᠠᠷ᠎ᠠ ᠶᠢᠨ 30 ᠤ ᠡᠳᠦᠷ᠂ ᠳᠠᠷᠬᠠᠨ ᠮᠤᠤᠮᠢᠩᠭᠠᠨ ᠬᠤᠰᠢᠭᠤᠨ ᠤ ︽ᠰᠢᠷ᠎ᠠ | ᠤᠰᠤ ᠶᠢ ᠱᠦᠭᠦᠷᠳᠡᠨ ᠠᠷᠢᠯᠭᠠᠬᠤ︾ ᠠᠯᠪᠠᠨ ᠬᠡᠷ ᠠᠴᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠤᠷᠭᠠᠨ | ᠬᠥᠮᠦᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠤᠨ ᠬᠠᠤᠯᠢ | ᠬᠡᠷᠡᠭᠵᠢᠭᠦᠯᠦᠯᠲᠡ ᠶᠢᠨ ᠲᠣᠪᠴᠢᠶ᠎ᠠ ᠲᠠᠢ ᠬᠠᠮᠲᠤᠷᠠᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠬᠠᠮᠲᠤᠷᠠᠭᠰᠠᠨ | ᠳᠤᠭᠤᠶᠢᠯᠠᠩ ᠪᠠᠶᠢᠭᠤᠯᠵᠤ᠂ ᠪᠥᠬᠦ ᠬᠤᠰᠢᠭᠤᠨ ᠤ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ | ᠪᠢᠴᠢᠭ ᠤᠨ ᠬᠡᠷᠡᠭᠰᠡᠯ ᠤᠨ ᠳᠡᠯᠭᠡᠭᠦᠷ᠂ ᠨᠣᠮ ᠤᠨ ᠳᠡᠯᠭᠡᠭᠦᠷ ᠵᠡᠷᠭᠡ ᠰᠣᠶᠣᠯ ᠤᠨ ᠵᠠᠬ᠎ᠠ ᠳᠡᠯᠭᠡᠭᠦᠷ ᠲᠤ ᠨᠠᠮᠤᠷ ᠤᠨ | ᠤᠯᠠᠷᠢᠯ ᠤᠨ ︽ᠴᠢᠬᠢ ᠬᠠᠮᠠᠭᠠᠯᠠᠬᠤ · ᠰᠤᠷᠤᠯᠭ᠎ᠠ ᠡᠬᠢᠯᠡᠬᠦ ᠤᠯᠠᠷᠢᠯ︾ ᠤᠨ ᠲᠤᠰᠬᠠᠶ ᠪᠠᠶᠢᠴᠠᠭᠠᠯᠲᠠ ᠶᠢᠨ | ᠠᠵᠢᠯᠯᠠᠭ᠎ᠠ ᠥᠷᠨᠢᠭᠦᠯᠪᠡ᠃ | | | | ᠪᠠᠶᠢᠴᠠᠭᠠᠬᠤ ᠳᠤᠭᠤᠶᠢᠯᠠᠩ ᠤᠨ ᠬᠢᠨ ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ᠂ ᠪᠠᠲᠤᠬᠠᠭᠠᠯᠭ᠎ᠠ ᠶᠢᠨ | ᠨᠢᠭᠡᠳᠦᠭᠡᠷ ᠪᠠᠭ᠎ᠠ ᠰᠤᠷᠭᠠᠭᠤᠯᠢ ᠵᠡᠷᠭᠡ 9 ᠰᠤᠷᠭᠠᠭᠤᠯᠢ ᠶᠢᠨ ᠡᠷᠬᠢᠨ ᠲᠣᠭᠤᠷᠢᠨ ᠤ ᠨᠣᠮ ᠤᠨ ᠳᠡᠯᠭᠡᠭᠦᠷ᠂ | ᠪᠢᠴᠢᠭ ᠤᠨ ᠬᠡᠷᠡᠭᠰᠡᠯ ᠤᠨ ᠳᠡᠯᠭᠡᠭᠦᠷ᠂ ᠦᠰᠦᠭ ᠮᠠᠰᠢᠨᠳᠠᠵᠤ ᠳᠠᠷᠤᠮᠠᠯᠯᠠᠬᠤ ᠳᠡᠯᠭᠡᠭᠦᠷ᠂ ᠬᠡᠳᠦ ᠳᠡᠯᠭᠡᠭᠦᠷ ᠵᠡᠷᠭᠡ ᠶᠢ | ᠪᠠᠶᠢᠴᠠᠭᠠᠪᠠ᠃ ᠪᠠᠶᠢᠴᠠᠭᠠᠬᠤ ᠠᠵᠢᠯᠲᠠᠨ ᠬᠦᠷᠦᠭᠰᠡᠨ ᠭᠠᠵᠠᠷ ᠪᠣᠯᠭᠠᠨ ᠳᠤ᠂ ᠬᠤᠳᠠᠯᠳᠤᠭᠠᠨ ᠤ ᠫᠦᠰᠡ ᠶᠢᠨ ᠭᠡᠷᠡᠴᠢ | ᠲᠡᠮᠳᠡᠭ ᠨᠢ ᠪᠦᠷᠢᠨ ᠭᠦᠢᠴᠡᠳ ᠪᠠᠶᠢᠬᠤ ᠡᠰᠡᠬᠦ᠂ ᠪᠠᠷᠠᠭ᠎ᠠ ᠣᠷᠣᠭᠤᠯᠤᠭᠰᠠᠨ ᠭᠡᠷᠡᠴᠢ ᠲᠡᠮᠳᠡᠭ ᠢᠶᠠᠨ ᠬᠠᠳᠠᠭᠠᠯᠠᠵᠤ | ᠪᠠᠶᠢᠬᠤ ᠡᠰᠡᠬᠦ᠂ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠭᠰᠡᠨ ᠨᠣᠮ ᠪᠢᠴᠢᠭ ᠪᠠᠶᠢᠬᠤ ᠡᠰᠡᠬᠦ᠂ ᠬᠠᠤᠯᠢ ᠪᠤᠰᠤ | ᠬᠡᠪᠯᠡᠭᠳᠡᠬᠦᠨ ᠪᠠᠶᠢᠬᠤ ᠡᠰᠡᠬᠦ᠂ ᠬᠤᠭᠤᠴᠠᠭ᠎ᠠ ᠠᠴᠠ ᠬᠡᠲᠦᠷᠡᠭᠰᠡᠨ ᠢᠳᠡᠭᠡᠨ ᠪᠠᠶᠢᠬᠤ ᠡᠰᠡᠬᠦ ᠵᠡᠷᠭᠡ ᠶᠢ ᠨᠠᠷᠢᠨ ᠨᠢᠮᠪᠠᠶ | ᠪᠠᠶᠢᠴᠠᠭᠠᠨ ᠦᠵᠡᠪᠡ᠃ ᠢᠯᠠᠩᠭᠤᠶ᠎ᠠ ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ | ᠬᠠᠷᠰᠢᠯᠠᠬᠤ ᠠᠭᠤᠯᠭ᠎ᠠ ᠲᠠᠢ ᠬᠡᠪᠯᠡᠭᠳᠡᠬᠦᠨ᠂ ᠱᠠᠯᠢᠭ ᠵᠠᠪᠬᠠᠶ ᠬᠦᠴᠦᠷᠬᠡᠭᠯᠡᠯ ᠤᠨ ᠲᠥᠷᠥᠯ ᠤᠨ ᠬᠠᠤᠯᠢ ᠪᠤᠰᠤ | ᠬᠡᠪᠯᠡᠭᠳᠡᠬᠦᠨ ᠪᠠ ᠬᠤᠤᠷ ᠬᠥᠨᠥᠭᠡᠯ ᠲᠠᠢ ᠠᠭᠤᠯᠭ᠎ᠠ ᠲᠠᠢ ᠬᠡᠤᠬᠡᠳ ᠤᠨ ᠵᠢᠷᠤᠭᠲᠤ ᠳᠡᠪᠲᠡᠷ᠂ ᠺᠠᠷᠲ᠋ᠣᠨ ᠱᠤᠭ | ᠵᠢᠷᠤᠭ ᠢ ᠭᠤᠤᠯᠳᠠᠯᠭ᠎ᠠ ᠲᠠᠢ ᠪᠠᠷ ᠢᠯᠭᠠᠷᠠᠭᠤᠯᠤᠨ ᠪᠠᠶᠢᠴᠠᠭᠠᠪᠠ᠃ ᠭᠡᠷᠡᠴᠢ ᠦᠨᠡᠮᠯᠡᠯ ᠨᠢ ᠪᠦᠷᠢᠨ ᠪᠤᠰᠤ᠂ | ᠡᠵᠡᠩᠨᠡᠯᠲᠡ ᠨᠢ ᠵᠢᠷᠤᠮᠵᠢᠯ ᠥᠬᠡᠶ ᠵᠡᠷᠭᠡ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ | ᠳᠤᠭᠤᠶᠢᠯᠠᠩ ᠠᠴᠠ ᠲᠡᠭᠦᠨ ᠢ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠬᠦ ᠪᠠᠷ ᠵᠠᠷᠯᠢᠭᠳᠠᠭᠰᠠᠨ ᠪᠥᠭᠡᠳ | ᠣᠯᠵᠤ ᠮᠡᠳᠡᠭᠰᠡᠨ ᠬᠠᠤᠯᠢ ᠪᠤᠰᠤ ᠬᠡᠪᠯᠡᠭᠳᠡᠬᠦᠨ ᠢ ᠬᠤᠷᠢᠶᠠᠨ ᠠᠪᠤᠭᠰᠠᠨ ᠪᠠᠶᠢᠨ᠎ᠠ᠃ ᠲᠣᠰ ᠤᠳᠠᠭᠠᠨ ᠤ | ᠪᠠᠶᠢᠴᠠᠭᠠᠯᠲᠠ ᠶᠢᠨ ᠪᠠᠶᠢᠳᠠᠯ ᠠᠴᠠ ᠦᠵᠡᠪᠡᠯ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠬ᠎ᠠ | ᠳᠡᠯᠭᠡᠭᠦᠷ ᠤᠨ ᠣᠷᠴᠢᠨ ᠨᠥᠬᠦᠴᠡᠯ ᠤᠨ ᠶᠡᠷᠦᠩᠬᠡᠶ ᠪᠠᠶᠢᠳᠠᠯ ᠰᠠᠶᠢᠨ ᠪᠠᠶᠢᠨ᠎ᠠ᠃ | ᠲᠣᠰ ᠤᠳᠠᠭᠠᠨ ᠤ ᠠᠵᠢᠯᠯᠠᠭ᠎ᠠ ᠨᠢ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ | ᠬᠦᠷᠢᠶᠡᠨ ᠤ ᠡᠷᠬᠢᠨ ᠲᠣᠭᠤᠷᠢᠨ ᠤ ᠰᠣᠶᠣᠯ ᠤᠨ ᠵᠠᠬ᠎ᠠ ᠳᠡᠯᠭᠡᠭᠦᠷ ᠲᠤ ᠪᠥᠬᠦ ᠲᠠᠯ᠎ᠠ ᠶᠢᠨ ᠲᠦᠢᠯᠪᠤᠷᠢᠲᠠᠶ | ᠪᠠᠶᠢᠴᠠᠭᠠᠯᠲᠠ ᠬᠢᠵᠦ᠂ ᠮᠠᠨ ᠤ ᠬᠤᠰᠢᠭᠤᠨ ᠤ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠰᠣᠶᠣᠯ ᠤᠨ | ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠦᠲᠦᠮᠵᠢᠲᠡᠶ ᠵᠢᠷᠤᠮᠵᠢᠭᠤᠯᠤᠨ᠂ ᠥᠨᠴᠥᠭ ᠪᠤᠯᠤᠩ ᠦᠯᠡᠳᠡᠭᠡᠬᠦ ᠥᠬᠡᠶ | ᠪᠠᠶᠢᠬᠤ ᠶᠢ ᠪᠠᠲᠤᠯᠠᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠲᠤ ᠠᠮᠤᠷ ᠲᠦᠪᠰᠢᠨ ᠡᠷᠡᠭᠦᠯ ᠰᠠᠷᠠᠭᠤᠯ | ᠰᠤᠷᠤᠯᠴᠠᠵᠤ ᠦᠰᠦᠨ ᠪᠤᠶᠢᠵᠢᠬᠤ ᠣᠷᠴᠢᠨ ᠲᠣᠭᠤᠷᠢᠨ ᠢ ᠪᠣᠶ ᠪᠣᠯᠭᠠᠵᠤ ᠥᠭᠭᠦᠭᠰᠡᠨ ᠪᠠᠶᠢᠨ᠎ᠠ᠃ |