ᠡᠶᠡᠯᠰᠡᠭ ᠵᠠᠩ ᠲᠠᠢ ᠮᠠ ᠬᠤᠩ ᠯᠢᠶᠠᠨ ᠪᠠᠭᠰᠢ
ᠨᠡᠶᠢᠲᠡᠯᠡᠭᠰᠡᠨ ᠴᠠᠭ᠄
2021/9/13
     ᠮᠠ ᠬᠤᠩ ᠯᠢᠶᠠᠨ ᠪᠠᠭᠰᠢ2010 ᠤᠨ ᠳᠤ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠭᠠᠳᠠᠭᠠᠳᠦ ᠬᠡᠯᠡᠨ ᠤ ᠲᠡᠭᠡᠳᠦ ᠱᠤᠷᠭᠠᠭᠤᠯᠢ ᠠᠴᠠ ᠠᠩᠯᠢ ᠬᠡᠯᠡᠨ ᠤ ᠲᠤᠰᠬᠠᠢ ᠮᠡᠷᠭᠡᠵᠢᠯ ᠢᠶᠠᠷ ᠲᠡᠭᠦᠰᠴᠦ᠂ ᠲᠤᠰ ᠵᠢᠯ ᠳᠤ ᠪᠠᠨ ᠮᠠᠨ ᠤ ᠬᠤᠰᠢᠭᠤᠨ ᠤ ᠮᠤᠩᠭᠤᠯ ᠲᠤᠮᠳᠠᠳᠦ ᠰᠤᠷᠭᠠᠭᠤᠯᠢ ᠶᠢᠨ ᠠᠩᠯᠢ ᠬᠡᠯᠡᠨ ᠤ ᠪᠠᠭᠰᠢ ᠪᠠᠷ ᠰᠢᠯᠭᠠᠨ ᠤᠷᠤᠵᠦ᠂ ᠤᠳᠤ ᠪᠤᠯᠬᠤ ᠳᠤ ᠠᠷᠪᠠᠨ ᠨᠢᠭᠡᠨ ᠵᠢᠯ ᠤᠨ ᠵᠢᠭᠠᠨ ᠰᠤᠷᠭᠠᠯᠳᠠ ᠶᠢᠨ ᠲᠤᠷᠰᠢᠯᠭ᠎ᠠ ᠲᠠᠢ ᠰᠢᠯᠢᠳᠡᠭ ᠪᠠᠭᠰᠢ ᠪᠤᠯᠤᠭᠰᠠᠨ ᠪᠠᠶᠢᠨ᠎ᠠ᠃
     ᠪᠠᠭᠰᠢ ᠬᠡᠮᠡᠬᠦ ᠡᠷᠬᠢᠮ ᠠᠯᠳᠠᠷ ᠢ ᠡᠭᠦᠷᠭᠡᠯᠡᠭᠰᠡᠨ ᠴᠠᠭ ᠠᠴᠠ ᠪᠠᠨ ᠡᠬᠢᠯᠡᠨ ᠮᠠ ᠬᠤᠩ ᠯᠢᠶᠠᠨ ᠪᠠᠭᠰᠢ ᠬᠢᠴᠢᠶᠠᠩᠭᠦᠶᠢᠯᠡᠨ ᠰᠤᠷᠤᠯᠴᠠᠬᠤ ᠶᠢ ᠬᠦᠨᠳᠦᠳᠭᠡᠵᠦ᠂ ᠰᠠᠶᠢᠨ ᠰᠤᠷᠤᠭᠴᠢ ᠶᠢ ᠬᠦᠮᠦᠵᠢᠬᠦᠯᠬᠦ ᠳᠤ ᠪᠠᠭᠰᠢ ᠬᠦᠮᠦᠨ ᠦᠪᠡᠷ ᠢᠶᠠᠨ ᠰᠠᠶᠢᠨ ᠳᠠᠭᠤᠷᠢᠶᠠᠯ ᠦᠵᠡᠬᠦᠯᠬᠦ ᠬᠡᠷᠡᠭᠳᠡᠢ ᠬᠡᠳᠡᠭ ᠵᠤᠷᠢᠯᠭ᠎ᠠ ᠪᠠᠷ ᠦᠪᠡᠷ ᠪᠡᠶ᠎ᠡ ᠶᠢᠨ ᠰᠤᠷᠤᠯᠴᠠᠯᠭ᠎ᠠ  ᠶᠢᠨ ᠴᠢᠳᠠᠪᠦᠷᠢ ᠪᠠᠨ ᠲᠡᠭᠡᠭᠰᠢᠯᠡᠭᠦᠯᠦᠨ᠂ ᠠᠬᠠᠮᠠᠳ ᠪᠠᠭᠰᠢ ᠬᠠᠮᠳᠦ ᠠᠵᠢᠯᠳᠠᠨ ᠠᠴᠠ ᠪᠠᠨ ᠲᠠᠭᠠᠨ ᠰᠤᠷᠤᠯᠴᠠᠬᠤ᠂ ᠵᠢᠭᠠᠨ ᠰᠤᠷᠭᠠᠬᠤ ᠮᠡᠷᠭᠡᠵᠢᠯ ᠢᠶᠠᠨ ᠲᠡᠭᠡᠭᠰᠢᠯᠡᠬᠦᠯᠬᠦ᠂ ᠰᠤᠷᠤᠭᠴᠢᠳ ᠢᠶᠠᠨ ᠬᠠᠯᠠᠮᠵᠢᠯᠠᠵᠦ᠂ ᠰᠤᠷᠤᠭᠴᠢᠳ ᠤᠨ ᠰᠡᠳᠬᠢᠴᠡ ᠶᠢ ᠤᠶᠢᠯᠠᠭᠠᠨ᠂ ᠰᠤᠷᠤᠯᠴᠠᠬᠤ ᠤᠷᠮ᠎ᠠ ᠶᠢ ᠬᠦᠭᠵᠢᠭᠦᠯᠬᠦ ᠵᠡᠷᠭᠡ ᠤᠯᠠᠨ ᠪᠤᠳᠠᠳᠠᠢ ᠠᠷᠭ᠎ᠠ ᠬᠡᠮᠵᠢᠶ᠎ᠡ ᠶᠢ ᠠᠪᠴᠦ ᠵᠢᠭᠠᠨ ᠰᠤᠷᠭᠠᠯᠳᠠ ᠳᠤ ᠪᠠᠨ ᠦᠢᠯᠡᠴᠢᠯᠡᠭᠦᠯᠦᠨ ᠨᠢᠭᠡᠨ ᠰᠠᠶᠢᠨ ᠪᠠᠭᠰᠢ ᠪᠤᠯᠬᠤ ᠭᠠᠷᠠᠭ᠎ᠠ ᠪᠠᠨ ᠡᠬᠢᠯᠡᠭᠦᠯᠦᠭᠰᠡᠨ ᠪᠠᠶᠢᠨ᠎ᠠ᠃
     ᠤᠯᠠᠨ ᠵᠢᠯ ᠤᠨ ᠵᠢᠭᠠᠨ ᠰᠤᠷᠭᠠᠯᠳᠠ ᠶᠢᠨ  ᠶᠠᠪᠤᠴᠠ ᠳᠤ ᠪᠠᠨ ᠲᠡᠷᠡ ᠲᠠᠰᠤᠷᠠᠯᠳᠠ ᠦᠭᠡᠢ ᠴᠢᠷᠮᠠᠶᠢᠭᠰᠠᠨ  ᠢᠶᠠᠷ ᠤᠷᠢᠳ ᠬᠤᠵᠢᠳ ᠬᠤᠰᠢᠭᠤ ᠬᠤᠳᠠ ᠶᠢᠨ ᠲᠡᠰ ᠤᠨ ᠰᠢᠯᠢᠳᠡᠭ ᠪᠠᠭᠰᠢ᠂ ᠰᠢᠯᠢᠳᠡᠭ ᠠᠩᠭᠢ ᠶᠢᠨ ᠡᠷᠬᠢᠯᠡᠭᠴᠢ ᠂ ᠰᠢᠯᠢᠳᠡᠭ ᠵᠢᠭᠠᠨ ᠵᠢᠯᠤᠭᠤᠳᠤᠭᠴᠢ ᠵᠡᠷᠭᠡ ᠡᠷᠬᠢᠮ ᠠᠯᠳᠠᠷ ᠢᠶᠠᠷ ᠡᠩᠭᠡᠷ ᠢᠶᠠᠨ  ᠮᠢᠯᠢᠶᠠᠯᠭᠠᠵᠦ᠂ ᠵᠠᠯᠠᠭᠤ ᠨᠠᠰᠤᠨ ᠤ  ᠪᠠᠨ ᠴᠤᠭ ᠵᠢᠪᠬᠤᠭ᠎ᠠ ᠶᠢ ᠵᠠᠭᠠᠨ ᠰᠤᠷᠭᠠᠯᠳᠠ ᠶᠢᠨ ᠦᠢᠯᠡᠰ ᠲᠤ ᠡᠷᠭᠦᠨ ᠬᠢᠯᠠᠷᠭᠠᠵᠦ ᠶᠠᠪᠤᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号