ᠲᠠᠷᠬᠠᠨ ᠮᠤᠤᠮᠢᠩᠭᠠᠨ ᠬᠤᠯᠪᠠᠭᠠᠳᠦ  ᠬᠤᠰᠢᠭᠤ37  ᠳ᠋ᠤᠭᠠᠷ ᠤᠳᠠᠭᠠᠨ ᠤ ᠪᠠᠭᠰᠢ ᠶᠢᠨ ᠪᠠᠶᠠᠷ ᠢ ᠪᠡᠯᠭᠡᠯᠡᠬᠦ ᠶᠡᠭᠡ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2021/9/13
     9 ᠰᠠᠷ᠎ᠠ ᠶᠢᠨ9 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ37 ᠳ᠋ᠤᠭᠠᠷ ᠤᠳᠠᠭᠠᠨ ᠤ ᠪᠠᠭᠰᠢ ᠶᠢᠨ ᠪᠠᠶᠠᠷ ᠢ ᠪᠡᠯᠭᠡᠯᠡᠬᠦ ᠶᠡᠭᠡ ᠬᠤᠷᠠᠯ ᠬᠤᠰᠢᠭᠤᠨ ᠤ ᠬᠤᠷᠠᠯ ᠤᠨ ᠶᠠᠪᠤᠳᠠᠯ ᠤᠨ ᠲᠦᠪ ᠲᠤ ᠠᠮᠵᠢᠯᠳᠠ ᠲᠠᠢ ᠬᠤᠷᠠᠯᠳᠤᠵᠦ᠂ ᠬᠤᠰᠢᠭᠤ ᠨᠠᠮ ᠤᠨ ᠬᠤᠷᠢᠶᠠᠨ ᠤ ᠱᠦᠵᠢ ᠵᠢᠶᠠ ᠪᠤᠤ ᠯᠢᠶᠠᠩ ᠬᠤᠷᠠᠯ ᠳᠤ ᠤᠷᠤᠯᠴᠠᠬᠤ ᠶᠢᠨ ᠬᠠᠮᠳᠦ ᠶᠠᠷᠢᠶ᠎ᠠ ᠲᠠᠯᠪᠢᠵᠦ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠤᠷᠤᠭᠯᠠᠭᠴᠢ ᠬᠤᠰᠢᠭᠤ ᠲᠠᠷᠤᠭ᠎ᠠ ᠱᠢ ᠵᠦᠩ  ᠴᠢᠩ ᠬᠤᠷᠠᠯ ᠡᠷᠬᠢᠯᠡᠵᠦ ᠶᠠᠷᠢᠶ᠎ᠠ ᠲᠠᠯᠢᠪᠢᠪᠠ᠃ ᠬᠤᠰᠢᠭᠤᠨ ᠤ ᠤᠳᠤᠷᠢᠳᠤᠯᠭ᠎ᠠ ᠰᠤᠳᠤ᠂ ᠶᠤᠸᠠᠨ ᠰᠢᠦᠢ᠂ ᠬᠤᠸᠠᠩ ᠯᠦᠩ᠂ ᠵᠠᠩ ᠪᠠᠭᠠᠨ᠎ᠠ᠂ ᠵᠠᠩ ᠰᠢᠦᠢ᠂ ᠯᠢᠦ ᠷᠦᠢ ᠯᠦᠩ᠂ ᠯᠢᠦ ᠶᠧ᠂ ᠬᠤ᠋ ᠴᠢᠶᠠᠩ᠂ ᠭᠦᠩ ᠰᠢ ᠯᠢᠶᠠᠩ᠂ ᠶᠢ ᠵᠢᠶᠧ᠂ ᠰᠠᠷᠠᠩᠭᠤᠸ᠎ᠠ ᠨᠠᠷ ᠬᠤᠷᠠᠯ ᠳᠤ ᠤᠷᠤᠯᠴᠠᠬᠤ ᠶᠢᠨ ᠬᠠᠮᠳᠦ ᠱᠠᠩᠨᠠᠯ ᠬᠦᠷᠳᠡᠭᠰᠡᠳ ᠲᠤ ᠬᠦᠬᠢᠬᠦᠯᠦᠯ ᠤᠨ ᠦᠨᠡᠮᠡᠯ ᠤᠯᠭᠤᠪᠠ᠃
     ᠬᠤᠷᠠᠯ ᠠᠴᠠ᠂ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠤᠷᠢᠶ᠎ᠠ ᠶᠢᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ   ᠤ ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠲᠠᠪᠰᠢᠩᠭᠤᠢ ᠬᠠᠮᠳᠦ ᠨᠢᠭᠡᠴᠡ ᠪᠠ ᠬᠤᠪᠢ ᠬᠦᠮᠦᠨ ᠢ ᠬᠦᠬᠢᠭᠦᠯᠬᠦ ᠲᠤᠬᠠᠢ ᠰᠢᠢᠳᠪᠦᠷᠢ︾ ᠶᠤᠰᠤᠭᠠᠷ᠂6 ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠰᠢᠯᠢᠳᠡᠭ ᠨᠢᠭᠡᠴᠡ︾᠂3 ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠭᠰᠢ ᠶᠢ ᠬᠦᠨᠳᠦᠯᠡᠵᠦ ᠰᠤᠷᠭᠠᠨ ᠬᠦᠮᠦᠵᠢᠯ ᠢ ᠴᠢᠬᠤᠯᠠᠴᠢᠯᠠᠭᠰᠠᠨ ᠲᠠᠪᠰᠢᠩᠭᠤᠢ ᠬᠠᠮᠳᠦ ᠨᠢᠬᠡᠴᠡ︾᠂49 ᠨᠠᠷᠡᠰ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠢᠯᠢᠳᠡᠭ ᠪᠠᠭᠰᠢ︾᠂20 ᠨᠠᠷᠡᠰ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ  ᠤ ᠰᠢᠯᠢᠳᠡᠭ ᠰᠤᠷᠭᠠᠨ ᠬᠦᠮᠦᠵᠢᠯ ᠤᠨ ᠠᠵᠢᠯᠳᠠᠨ︾᠂4 ᠨᠡᠷᠡᠰ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ  ᠤ ᠰᠢᠯᠢᠳᠡᠭ ᠬᠦᠳᠡᠭᠡ ᠲᠤᠰᠬᠤᠨ ᠤ ᠪᠠᠭᠰᠢ︾᠂6 ᠨᠡᠷᠡᠰ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠵᠢᠱᠢᠶᠡᠴᠢ ᠪᠠᠭᠰᠢ  ︾᠂5 ᠨᠡᠷᠡᠰ ︽ᠲᠠᠷᠬᠠᠨ ᠮᠤᠤᠮᠢᠩᠭᠠᠨ  ᠬᠤᠯᠪᠤᠭᠠᠳᠦ ᠬᠤᠰᠢᠭᠤᠨ ᠰᠢᠯᠢᠳᠡᠭ ᠤᠨᠴᠠᠭᠠᠢ ᠠᠵᠢᠯ  ᠤᠨ ᠪᠠᠶᠢᠷᠢ ᠶᠢᠨ ᠪᠠᠭᠰᠢ︾᠂5 ᠨᠡᠷᠡᠰ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠭᠰᠢ ᠶᠢ ᠬᠦᠨᠳᠦᠯᠡᠵᠦ ᠰᠤᠷᠭᠠᠨ ᠬᠦᠮᠦᠵᠢᠯ ᠢ ᠴᠢᠬᠤᠯᠠᠴᠢᠯᠠᠭᠰᠠᠨ ᠲᠠᠪᠰᠢᠩᠭᠤᠢ ᠬᠤᠪᠢ ᠬᠦᠮᠦᠨ︾ ᠢ ᠱᠠᠩᠨᠠᠨ ᠬᠦᠬᠢᠬᠦᠯᠵᠡᠢ᠃
     ᠡᠨᠡ ᠬᠦ ᠬᠦᠬᠢᠬᠦᠯᠦᠯ ᠤᠨ ᠶᠡᠭᠡ ᠬᠤᠷᠠᠯ ᠨᠢ ᠮᠠᠨ ᠤ ᠬᠤᠰᠢᠭᠤᠨ ᠤ ᠪᠦᠬᠦ ᠰᠤᠷᠭᠠᠨ ᠬᠦᠮᠦᠵᠢᠯ ᠤᠨ ᠠᠵᠢᠯᠳᠠᠳ ᠲᠤ ᠦᠭᠬᠦᠭᠰᠡᠨ ᠬᠦᠢᠴᠡᠳ ᠨᠤᠳᠠᠯᠠᠯᠳᠠ ᠪᠠ ᠵᠤᠷᠢᠭᠵᠢᠭᠤᠯᠤᠯ ᠪᠠᠶᠢᠵᠦ᠂ ᠲᠡᠳᠡᠨ ᠤ ᠬᠤᠶᠢᠰᠢᠳᠠ ᠶᠢᠨ ᠠᠵᠢᠯ ᠤᠨ ᠬᠢᠨᠢ ᠲᠦᠯᠬᠢᠬᠦ ᠬᠦᠴᠦᠨ ᠪᠤᠯᠤᠭᠰᠠᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号