ᠲᠤᠯᠠᠭᠠᠨ ᠭᠡᠷ ᠨᠡᠶᠢᠭᠡᠮ ᠲᠤᠭᠤᠷᠢᠭ ᠨᠠᠶᠢᠮᠠᠨ ᠰᠠᠷ᠎ᠠ ᠶᠢᠨ ᠲᠡᠷᠭᠡᠯ ᠪᠠᠶᠠᠷ ᠤᠨ ᠡᠳᠦᠷ ᠢᠶᠠᠨ ᠤᠭᠳᠤᠬᠤ ᠬᠦᠳᠡᠯᠭᠡᠭᠡᠨ ᠦᠷᠨᠢᠭᠦᠯᠦᠭᠰᠡᠨ
ᠨᠡᠶᠢᠲᠡᠯᠡᠭᠰᠡᠨ ᠴᠠᠭ᠄
2021/9/16
     9 ᠰᠠᠷ᠎ᠠ ᠶᠢᠨ13 ᠤ  ᠡᠳᠦᠷ᠂ ᠲᠤᠯᠠᠭᠠᠨ ᠭᠡᠷ ᠨᠡᠶᠢᠭᠡᠮ ᠲᠤᠭᠤᠷᠢᠭ ᠤᠨ ᠬᠦᠳᠡᠯᠭᠡᠭᠡᠨ ᠤ ᠲᠠᠰᠤᠭ ᠲᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠪᠠ ᠲᠤᠯᠠᠭᠠᠨ ᠭᠡᠷ ᠨᠡᠶᠢᠭᠡᠮ ᠲᠤᠭᠤᠷᠢᠭ ︽ᠪᠢᠳᠡᠨ ᠤ ᠪᠠᠶᠠᠷ ᠤᠨ ᠡᠳᠦᠷ — ᠨᠠᠶᠢᠮᠠᠨ ᠰᠠᠷ᠎ᠠ ᠶᠢᠨ ᠲᠡᠷᠭᠡᠯ ᠪᠠᠶᠠᠷ ᠤᠨ ᠡᠳᠦᠷ ᠢᠶᠠᠨ ᠪᠡᠯᠭᠡᠯᠡᠬᠦ︾ ᠬᠦᠳᠡᠯᠭᠡᠭᠡᠨ ᠦᠷᠨᠢᠭᠦᠯᠵᠦ᠂ ᠪᠤᠭᠤᠳᠦ ᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠭᠤᠷᠪᠠᠳᠤᠭᠠᠷ ᠲᠡᠰ ᠤᠨ ᠪᠠᠶᠢᠴᠠᠭᠠᠨ ᠰᠤᠳᠤᠯᠤᠭᠴᠢ ᠶᠤᠸᠠᠨ ᠮᠢᠩ᠂ ᠪᠤᠭᠤᠳᠦ ᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠶᠡᠷᠦᠩᠬᠡᠶᠢᠯᠡᠭᠰᠡᠨ ᠪᠠᠳᠤᠯᠠᠭ᠎ᠠ ᠶᠢᠨ ᠲᠦᠪ ᠤᠨ ᠡᠷᠬᠢᠯᠡᠭᠴᠢ ᠶᠧ ᠰᠢᠶᠤᠤ ᠳ᠋ᠠᠨ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠡᠷᠬᠢᠯᠡᠭᠴᠢ ᠮᠦᠷᠡᠨ ᠵᠡᠷᠭᠡ ᠤᠳᠤᠷᠢᠳᠤᠯᠭ᠎ᠠ ᠬᠦᠳᠡᠯᠭᠡᠭᠡᠨ ᠳᠤ ᠤᠷᠤᠯᠴᠠᠭᠰᠠᠨ ᠪᠠᠶᠢᠨ᠎ᠠ᠃
     ᠬᠦᠳᠡᠯᠭᠡᠭᠡᠨ ᠨᠢ᠂ ᠲᠤᠯᠠᠭᠠᠨ ᠭᠡᠷ ᠨᠡᠶᠢᠭᠡᠮ ᠲᠤᠭᠤᠷᠢᠭ ᠤᠨ ᠦᠨᠳᠦᠰᠦᠳᠡᠨ ᠤ ᠨᠠᠶᠢᠷᠠᠯ ᠲᠠᠭᠤᠤ ᠶᠢᠨ ᠪᠦᠯᠬᠦᠮ ᠤᠨ ︽ᠮᠠᠯᠴᠢᠨ ᠲᠦᠮᠡᠨ ᠡᠪ ᠬᠠᠮᠳᠦ ᠨᠠᠮ ᠢᠶᠠᠨ ᠮᠠᠭᠳᠠᠨ ᠲᠠᠭᠤᠯᠠᠨ᠎ᠠ︾ ᠬᠡᠭᠦ ᠠᠶ᠎ᠠ ᠲᠠᠭᠤᠤ ᠪᠠᠷ ᠬᠦᠰᠢᠭᠡ ᠪᠠᠨ ᠰᠡᠬᠦᠵᠦ᠂ ᠨᠠᠶᠢᠷᠠᠯ ᠲᠠᠭᠤᠤ ︽ᠨᠠᠮ ᠤᠨ  ᠬᠦᠮᠦᠵᠢᠯ︾᠂ ᠪᠡᠶ᠎ᠡ ᠴᠢᠬᠢᠷᠠᠭᠵᠢᠭᠤᠯᠬᠤ ᠲᠠᠮᠢᠷ ︽ᠡᠪ ᠬᠠᠮᠳᠦ ᠨᠠᠮ ᠪᠠᠶᠢᠬᠤ ᠦᠭᠡᠢ ᠪᠤᠯ ᠰᠢᠨ᠎ᠡ ᠲᠤᠮᠳᠠᠳᠦ ᠤᠯᠤᠰ ᠪᠠᠶᠢᠬᠤ ᠦᠭᠡᠢ︾ ᠵᠡᠷᠭᠡ ᠭᠤᠶᠤ ᠰᠠᠶᠢᠬᠠᠨ ᠲᠤᠭᠯᠠᠯᠠᠳᠠ ᠭᠠᠷᠭᠠᠭᠰᠠᠨ ᠪᠠᠶᠢᠨ᠎ᠠ᠃ ᠲᠤᠰ ᠤᠳᠠᠭᠠᠨ ᠤ ᠬᠦᠳᠡᠯᠭᠡᠭᠡᠨ ᠳᠤ᠂ ᠪᠤᠭᠤᠳᠦ ᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠪᠠ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠲᠤᠯᠠᠭᠠᠨ ᠭᠡᠷ ᠨᠡᠶᠢᠭᠡᠮ ᠲᠤᠭᠤᠷᠢᠭ ᠤᠨ ᠤᠷᠠᠯᠢᠭ ᠤᠨ ᠪᠦᠯᠬᠦᠮ ᠤᠨ ᠨᠡᠩ ᠰᠠᠶᠢᠨ᠂ ᠨᠡᠩ ᠰᠢᠯᠢᠳᠡᠭ᠂ ᠤᠯᠠᠨ ᠲᠦᠮᠡᠨ ᠤ ᠬᠦᠷᠢᠶᠡᠯᠡᠯ ᠢ ᠤᠯᠤᠭᠰᠠᠨ ᠰᠢᠯᠢᠳᠡᠭ ᠪᠦᠳᠦᠭᠡᠯ ᠭᠠᠷᠭᠠᠬᠤ ᠶᠢ ᠬᠦᠰᠡᠭᠰᠡᠨ ᠪᠠᠶᠢᠨ᠎ᠠ᠃
     ᠠᠬᠤᠢ ᠲᠠᠯᠠᠪᠠᠢ ᠶᠢᠨ ᠠᠵᠢᠯᠳᠠᠳ ᠠᠴᠠ ᠰᠠᠭᠤᠭᠠᠯᠢ ᠠᠷᠠᠳ   ᠳᠤ ᠠᠨᠠᠷ ᠪᠠ ᠶᠧᠪᠡᠩ ᠬᠦᠷᠭᠡᠨ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠠᠨᠠᠷ ᠤᠨ ᠦᠷ᠎ᠡ ᠮᠡᠳᠦ ᠨᠢᠭᠳᠡᠷᠠᠨ ᠪᠦᠯᠬᠦᠮᠳᠡᠵᠦ᠂ ᠲᠤᠮᠳᠠᠳᠦ ᠶᠢᠨ ᠦᠨᠳᠦᠰᠦᠳᠡᠨ ᠤ ᠬᠠᠮᠳᠦ ᠴᠤᠭᠴᠠ ᠶᠢᠨ ᠤᠬᠠᠮᠰᠠᠷ ᠢ ᠪᠠᠳᠦ ᠴᠤᠭᠴᠠᠯᠠᠵᠦ᠂ ᠦᠭᠡᠷᠡᠴᠢᠯᠡᠯᠳᠡ ᠬᠦᠭᠵᠢᠯᠳᠡ ᠶᠢᠨ ᠦᠷ᠎ᠡ ᠪᠦᠳᠦᠮᠵᠢ ᠶᠢ ᠬᠠᠮᠳᠦ ᠪᠠᠷ ᠡᠳ᠋ᠯᠡᠬᠦ ᠶᠢ ᠬᠦᠰᠡᠭᠰᠡᠨ ᠪᠠᠶᠢᠨ᠎ᠠ᠃ ᠲᠤᠰ ᠤᠳᠠᠭᠠᠨ ᠤ ᠨᠠᠶᠢᠮᠠᠨ ᠰᠠᠷ᠎ᠠ ᠶᠢᠨ ᠲᠡᠷᠭᠡᠯ ᠪᠠᠶᠠᠷ ᠤᠨ ᠡᠳᠦᠷ ᠢᠶᠠᠨ ᠤᠭᠳᠤᠬᠤ ᠬᠦᠳᠡᠯᠭᠡᠭᠡᠨ ᠨᠢ᠂ ᠤᠯᠤᠰ  ᠢᠶᠠᠨ ᠬᠠᠶᠢᠷᠠᠯᠠᠬᠤ ᠤᠯᠠᠮᠵᠢᠯᠠᠯᠳᠦ ᠰᠡᠳᠬᠢᠯᠬᠡ ᠶᠢ ᠪᠠᠳᠠᠷᠠᠭᠤᠯᠵᠦ᠂ ᠤᠬᠢ ᠰᠠᠶᠢᠨ ᠪᠠᠶᠠᠷ ᠤᠨ ᠡᠳᠦᠷ ᠤᠨ ᠠᠭᠤᠷ ᠠᠮᠢᠰᠬᠤᠯ ᠲᠤᠮᠳᠠ ᠰᠠᠭᠤᠭᠠᠯᠢ ᠠᠷᠠᠳ ᠤᠨ ᠬᠤᠭᠤᠷᠤᠨᠳᠤᠬᠢ ᠰᠡᠳᠬᠢᠯ ᠰᠠᠨᠠᠭ᠎ᠠ ᠶᠢᠨ ᠰᠤᠯᠢᠯᠴᠠᠭ᠎ᠠ ᠶᠢ ᠴᠢᠩᠭᠠᠳᠬᠠᠵᠦ᠂ ᠡᠶ᠎ᠡ ᠨᠠᠶᠢᠷᠠᠮᠳᠠᠭᠤ ᠨᠡᠶᠢᠭᠡᠮ ᠢ ᠪᠦᠳᠦᠭᠡᠨ ᠪᠠᠶᠢᠭᠤᠯᠬᠤ ᠳᠤ ᠢᠳᠡᠪᠬᠢᠳᠡᠢ ᠦᠢᠯᠡᠳᠦᠯ ᠦᠵᠡᠭᠦᠯᠦᠭᠰᠡᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号