9 ᠰᠠᠷ᠎ᠠ ᠶᠢᠨ13 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ38 ᠳ᠋ᠤᠭᠠᠷ ᠤᠳᠠᠭᠠᠨ | ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭᠠᠨ ᠰᠠᠷ᠎ᠠ ᠶᠢᠨ ᠡᠬᠢᠯᠡᠯᠳᠡ ᠶᠢᠨ ᠶᠠᠰᠤᠯᠠᠯ ᠮᠤᠩᠭᠤᠯ | ᠰᠤᠷᠭᠠᠭᠤᠯᠢ ᠳᠤ ᠶᠠᠪᠤᠭᠳᠠᠵᠦ᠂ ᠪᠤᠭᠤᠳᠦ ᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠨᠠᠮ ᠤᠨ | ᠲᠤᠭᠤᠶᠢᠯᠠᠩ ᠤᠨ ᠬᠡᠰᠢᠭᠦᠨ᠂ ᠭᠤᠷᠪᠠᠳᠤᠭᠠᠷ ᠲᠡᠰ ᠤᠨ ᠪᠠᠶᠢᠴᠠᠭᠠᠨ ᠰᠤᠳᠤᠯᠤᠭᠴᠢ ᠶᠤᠸᠠᠨ ᠮᠢᠩ᠂ ᠬᠤᠰᠢᠭᠤ ᠨᠠᠮ | ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠵᠠᠰᠠᠭ ᠤᠨ ᠤᠷᠳᠤᠨ ᠤ ᠬᠤᠰᠢᠭᠤ ᠲᠡᠳ᠋ ᠲᠠᠷᠤᠭ᠎ᠠ ᠵᠠᠩ ᠪᠠᠭᠠᠨ᠎ᠠ᠂ | ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠬᠤᠷᠢᠶᠠᠨ ᠤ ᠲᠡᠳ᠋ ᠡᠷᠬᠢᠯᠡᠭᠴᠢ | ᠹᠧᠩ ᠴᠧᠩ ᠯᠢᠶᠠᠩ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠡᠥ ᠼᠦᠨ ᠪᠤᠤ | ᠪᠤᠭᠤᠳᠦ ᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠶᠡᠷᠤᠩᠬᠡᠶᠢᠯᠡᠭᠰᠡᠨ ᠪᠠᠳᠤᠯᠠᠭ᠎ᠠ ᠶᠢᠨ ᠲᠦᠪ | ᠤᠨ ᠡᠷᠬᠢᠯᠡᠭᠴᠢ ᠶᠧ ᠰᠢᠶᠤᠤ ᠳ᠋ᠠᠨ ᠡᠬᠢᠯᠡᠯᠳᠡ ᠶᠢᠨ ᠶᠤᠰᠤᠯᠠᠯ ᠳᠤ ᠰᠠᠭᠠᠳᠠᠵᠦ᠂ ᠡᠯ᠎ᠡ ᠰᠤᠮᠤ ᠰᠢᠶᠠᠩ ᠪᠠᠯᠭᠠᠰᠤᠨ | ᠤ ᠨᠠᠮ ᠤᠨ ᠬᠤᠷᠢᠶᠠᠨ ᠤ ᠱᠦᠵᠢ᠂ ᠨᠢᠭᠡᠳᠤᠮᠡᠯ ᠹᠷᠤᠨᠲ ᠶᠢᠨ ᠬᠡᠰᠢᠭᠦᠨ᠂ ᠬᠤᠰᠢᠭᠤᠨ ᠤ ᠦᠨᠳᠦᠰᠦᠳᠡᠨ ᠤ ᠬᠡᠷᠡᠭ | ᠡᠷᠬᠢᠯᠡᠬᠦ ᠵᠦᠪᠯᠡᠯ ᠤᠨ ᠤᠳᠤᠷᠢᠳᠤᠯᠭ᠎ᠠ᠂ ᠡᠯ᠎ᠡ ᠰᠤᠷᠭᠠᠭᠤᠯᠢ ᠶᠢᠨ ᠪᠠᠭᠰᠢ ᠰᠤᠷᠤᠭᠴᠢᠳ ᠡᠬᠢᠯᠡᠯᠳᠡ ᠶᠢᠨ ᠶᠤᠰᠤᠯᠠᠯ | ᠳᠤ ᠤᠷᠤᠯᠴᠠᠪᠠ᠃ | | ᠡᠬᠢᠯᠡᠯᠳᠡ ᠶᠢᠨ ᠶᠤᠰᠤᠯᠠᠯ ᠲᠡᠭᠡᠷ᠎ᠡ᠂ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ | ᠡᠷᠬᠢᠯᠡᠭᠴᠢ ᠮᠦᠷᠡᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭᠠᠨ ᠤ ᠰᠠᠷ᠎ᠠ ᠶᠢᠨ ᠠᠵᠢᠯᠯᠠᠭᠠᠨ ᠤ | ᠰᠠᠷ᠎ᠠ ᠶᠢᠨ ᠠᠵᠢᠯ ᠤᠨ ᠲᠦᠰᠦᠯ ᠢ ᠤᠩᠰᠢᠨ ᠨᠡᠶᠢᠳᠡᠯᠡᠵᠦ᠂ ᠵᠠᠩ ᠪᠠᠭᠠᠨ᠎ᠠ ᠲᠠᠷᠬᠠᠨ ᠮᠤᠤᠮᠢᠩᠭᠠᠨ ᠬᠤᠯᠪᠤᠭᠠᠳᠦ | ᠬᠤᠰᠢᠭᠤᠨ ᠤ38 ᠳ᠋ᠤᠭᠠᠷ ᠤᠳᠠᠭᠠᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭᠠᠨ ᠤ ᠰᠠᠷ᠎ᠠ | ᠶᠢᠨ ᠠᠵᠢᠯᠯᠠᠭᠠᠨ ᠤ ᠰᠠᠷ᠎ᠠ ᠬᠦᠳᠡᠯᠭᠡᠭᠡᠨ ᠳᠤ ᠪᠠᠶᠢᠷᠢᠯᠠᠭᠤᠯᠤᠯᠳᠠ ᠬᠢᠭᠰᠡᠨ ᠪᠠᠶᠢᠨ᠎ᠠ᠃ | ᠶᠤᠰᠤᠯᠠᠯ ᠤᠨ ᠲᠠᠷᠠᠭ᠎ᠠ᠂ ︽ᠲᠤᠮᠳᠠᠳᠦ ᠶᠢᠨ ᠦᠨᠳᠦᠰᠦᠳᠡᠨ ᠤ ᠬᠠᠮᠳᠦ ᠴᠤᠭᠴᠠ ᠶᠢᠨ ᠤᠬᠠᠮᠰᠠᠷ ᠢ | ᠪᠠᠳᠤᠳᠬᠠᠵᠦ᠂ ᠡᠬᠡ ᠤᠯᠤᠰ ᠢᠶᠠᠨ ᠮᠠᠭᠳᠠᠨ ᠲᠠᠭᠤᠯᠠᠬᠤ︾ ᠭᠤᠤᠯ ᠰᠡᠳᠤᠪᠳᠦ ᠶᠠᠷᠢᠶ᠎ᠠ ᠢᠯᠡᠳᠭᠡᠯ ᠪᠠ ᠲᠡᠭᠡᠰᠦ | ᠲᠠᠳᠠᠬᠤ ᠤᠷᠤᠯᠳᠤᠭᠠᠨ ᠵᠡᠷᠭᠡ ᠤᠳᠬ᠎ᠠ ᠠᠭᠤᠯᠭ᠎ᠠ ᠪᠦᠬᠦᠢ ᠪᠡᠶ᠎ᠡ ᠲᠠᠮᠢᠷ ᠤᠨ ᠬᠦᠳᠡᠯᠭᠡᠭᠡᠨ ᠦᠷᠨᠢᠭᠦᠯᠵᠦ | ᠪᠦᠯᠬᠦᠮᠳᠡᠯ ᠤᠨ ᠬᠦᠴᠦᠨ ᠢ ᠨᠢᠠᠠᠳᠠᠷᠠᠭᠤᠯᠤᠨ᠂ ᠰᠤᠷᠭᠠᠭᠤᠯᠢ ᠶᠢᠨ ᠬᠦᠷᠢᠶ᠎ᠡ ᠬᠦᠷ ᠬᠦᠭᠵᠢᠶᠡᠨ ᠬᠠᠶᠢᠷ᠎ᠠ ᠬᠠᠯᠠᠮᠵᠢ | ᠪᠠᠷ ᠪᠢᠯᠬᠠᠭᠰᠠᠨ ᠪᠠᠶᠢᠨ᠎ᠠ᠃ | | | | | | | | | | | | | | | | | | | | | | |