ᠬᠢᠯᠢ ᠨᠤᠳᠤᠭ ᠤᠨ ᠨᠤᠮ ᠤᠨ ᠡᠷᠦᠭᠡ
ᠨᠡᠶᠢᠲᠡᠯᠡᠭᠰᠡᠨ ᠴᠠᠭ᠄
2021/9/17
     2021 ᠤᠨ ᠤ9 ᠰᠠᠷ᠎ᠠ ᠶᠢᠨ15 ᠤ ᠡᠳᠦᠷ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ  ᠪᠠᠶᠠᠠᠬᠤᠸᠠ ᠪᠠᠯᠭᠠᠰᠤᠨ ᠤ ᠠᠯᠳᠠᠩᠬᠤᠩᠭᠤᠷ ᠭᠠᠴᠠᠭᠠᠨ ᠤ ᠮᠠᠯᠴᠢᠨ ᠠᠭᠤᠯᠠ ᠶᠢᠨ ᠤᠯᠠᠨ ᠵᠢᠯ ᠤᠨ ᠬᠦᠰᠡᠯ ᠮᠦᠷᠦᠭᠡᠳᠦᠯ ᠪᠤᠯᠤᠭᠰᠠᠨ ᠨᠤᠮ ᠤᠨ  ᠦᠷᠦᠭᠡ ᠨᠢ ᠡᠭᠦᠳᠡ ᠪᠠᠨ ᠨᠡᠭᠡᠭᠡᠵᠦ᠂ ᠡᠷᠦᠬᠡ ᠪᠠᠨ ᠰᠡᠬᠦᠭᠰᠡᠨ ᠪᠠᠶᠢᠨ᠎ᠠ᠃
     ᠭᠠᠴᠠᠭᠠᠨ ᠤ ᠠᠷᠠᠳ ᠤᠨ ᠲᠦᠯᠦᠭᠡᠯᠡᠭᠴᠢ᠂ ᠨᠠᠮ ᠤᠨ ᠬᠡᠰᠢᠭᠦᠨ ᠮᠦᠷᠳᠡᠭᠡᠨ ᠬᠢᠯᠢ ᠬᠢᠵᠠᠭᠠᠷ ᠤᠨ ᠪᠠᠬᠢᠯᠡᠯᠡᠳᠡ ᠶᠢᠨ ᠡᠷᠦᠬᠡ ᠪᠤᠯᠬᠤ ᠠᠭᠤᠯᠠ ᠶᠢᠨ ᠬᠢᠨ ᠬᠠᠨᠠᠭᠠᠷ ᠨᠤᠳᠤᠭ ᠤᠨ ᠢᠶᠠᠨ ᠦᠷᠦᠴᠡᠨ ᠳᠤ ᠬᠠᠨᠠᠳᠦ ᠮᠤᠩᠭᠤᠯ ᠭᠡᠷ ᠲᠤ ᠪᠠᠨ ᠨᠡᠭᠡᠭᠡᠭᠰᠡᠨ ᠡᠨᠡᠬᠦ ᠨᠤᠮ ᠤᠨ ᠡᠷᠦᠭᠡ ᠨᠢ ᠬᠢᠯᠢ ᠬᠢᠵᠠᠭᠠᠷ ᠤᠷᠤᠨ ᠤ ᠮᠠᠯᠴᠢᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠦ᠂ ᠨᠠᠮ ᠤᠨ ᠲᠦᠷᠦ ᠶᠢᠨ ᠪᠤᠳᠤᠯᠭ᠎ᠠ ᠶᠢᠨ ᠰᠤᠷᠳᠠᠯ ᠤᠬᠠᠭᠤᠯᠭ᠎ᠠ ᠶᠢ ᠬᠦᠳᠡᠭᠡ ᠤᠷᠤᠨ ᠨᠤᠳᠤᠭ ᠠᠴᠠ ᠪᠠᠨ ᠮᠠᠯᠴᠢᠳ ᠲᠤ ᠬᠦᠷᠭᠡᠬᠦ ᠰᠠᠶᠢᠬᠠᠨ ᠪᠤᠯᠤᠮᠵᠢ ᠶᠢ ᠬᠠᠩᠭᠠᠬᠤ ᠪᠤᠯᠤᠭᠰᠠᠨ ᠪᠠᠶᠢᠨ᠎ᠠ᠃ ᠬᠤᠰᠢᠭᠤᠨ ᠤ ᠤᠬᠠᠭᠤᠯᠬᠤ ᠬᠡᠯᠳᠡᠰ᠂ ᠰᠤᠶᠤᠯ ᠲᠠᠮᠢᠷ ᠷᠠᠳᠢᠤ᠋ ᠲᠧᠯᠧᠰ ᠵᠢᠭᠤᠯᠴᠢᠯᠠᠯ ᠤᠨ ᠲᠤᠪᠴᠢᠶ᠎ᠠ᠂ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠵᠡᠷᠭᠡ ᠪᠠᠶᠢᠭᠤᠯᠭ᠎ᠠ ᠨᠢᠭᠡᠴᠡ ᠠᠴᠠ ᠡᠨᠡᠬᠦ ᠲᠠᠯ᠎ᠠ ᠨᠤᠳᠤᠭ ᠤᠨ ᠦᠷᠦᠭᠡᠨ ᠳᠤ ᠬᠤᠶᠠᠷ ᠵᠠᠭᠤ ᠭᠠᠷᠤᠢ ᠲᠡᠪᠳᠡᠷ ᠨᠤᠮ ᠬᠠᠨᠳᠢᠪᠯᠠᠨ ᠬᠦᠷᠭᠡᠵᠦ᠂ ᠬᠢᠯᠢ ᠬᠢᠵᠠᠭᠠᠷ ᠤᠷᠤᠨ ᠤ ᠮᠠᠯᠴᠢᠳ  ᠤᠨ ᠰᠤᠶᠤᠯ ᠤᠨ ᠠᠮᠢᠳᠤᠷᠠᠯ ᠳᠤ ᠲᠤᠰᠠ ᠲᠡᠮᠵᠢᠯᠭᠡ ᠦᠵᠡᠭᠦᠯᠬᠦ ᠶᠢ ᠵᠤᠷᠢᠵᠠᠢ᠂ ᠮᠦᠨ ᠴᠦ ᠠᠭᠤᠯᠠ ᠶᠢᠨ ᠠᠬ᠎ᠠ ᠲᠡᠭᠦᠦ ᠲᠦᠷᠦᠯ ᠰᠠᠳᠤᠨ᠂ ᠨᠠᠶᠢᠵᠠ ᠨᠦᠬᠦᠳ ᠨᠠᠷ ᠨᠢ ᠨᠤᠮ ᠤᠨ ᠦᠷᠦᠭᠡ ᠪᠠᠶᠢᠭᠤᠯᠤᠭᠳᠠᠭᠰᠠᠨ ᠪᠠᠶᠠᠷ ᠲᠤ  ᠨᠤᠮ  ᠤᠨ ᠪᠡᠯᠡᠭ ᠬᠦᠷᠭᠡᠵᠦ ᠡᠨᠡᠬᠦ ᠰᠢᠨᠡᠬᠡᠨ ᠪᠠᠶᠢᠭᠤᠯᠤᠭᠳᠠᠵᠦ ᠪᠠᠶᠢᠭ᠎ᠠ ᠨᠤᠮ ᠤᠨ ᠦᠷᠦᠭᠡ   ᠶᠢ ᠤᠯᠠᠮ ᠪᠠᠶᠠᠯᠢᠭ ᠰᠠᠶᠢᠬᠠᠨ ᠤᠳᠬ᠎ᠠ ᠠᠭᠤᠯᠭ᠎ᠠ ᠲᠠᠢ ᠪᠤᠯᠭᠠᠭᠰᠠᠨ ᠪᠠᠶᠢᠨ᠎ᠠ᠃
     ᠡᠨᠡ ᠲᠠᠰᠢᠷᠠᠮ ᠢᠶᠠᠷ ᠪᠠᠰᠠ ᠪᠠᠶᠠᠠᠬᠤᠸᠠ ᠪᠠᠯᠭᠠᠰᠤᠨ ᠤ38 ᠳ᠋ᠤᠭᠠᠷ ᠤᠳᠠᠭᠠᠨ   ᠤ  ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭᠠᠨ ᠤ ᠰᠠᠷ᠎ᠠ ᠶᠢᠨ ᠡᠬᠢᠯᠡᠯᠳᠡ ᠶᠢᠨ ᠶᠤᠰᠤᠯᠠᠯ ᠵᠢᠴᠢ ᠬᠤᠪᠢᠰᠬᠠᠯᠳᠦ  ᠤᠬᠠᠭᠤᠯᠭ᠎ᠠ ᠶᠢᠨ ᠮᠤᠩᠭᠤᠯ ᠭᠡᠷ   ᠲᠤ ᠦᠨᠳᠦᠰᠦᠳᠡᠨ ᠤ ᠬᠠᠥᠯᠢ ᠲᠦᠷᠢᠮ ᠢ ᠤᠬᠠᠭᠤᠯᠬᠤ ᠠᠵᠢᠯᠯᠠᠭ᠎ᠠ ᠶᠠᠪᠤᠭᠳᠠᠵᠦ᠂ ᠬᠢᠯᠢ ᠬᠢᠵᠠᠭᠠᠷ   ᠤᠨ ᠡᠯ᠎ᠡ ᠦᠨᠳᠦᠰᠦᠳᠡᠨ ᠤ ᠠᠷᠠᠳ ᠲᠦᠮᠡᠨ ᠢ ᠬᠠᠮᠳᠤᠷᠠᠨ ᠪᠦᠯᠬᠦᠮᠳᠡᠵᠦ᠂ ᠬᠠᠮᠳᠤᠪᠠᠷ ᠲᠠᠪᠰᠢᠬᠤ ᠶᠢ ᠤᠷᠢᠶᠠᠯᠠᠨ᠂ ᠬᠠᠥᠯᠢᠴᠢ ᠠᠴᠠ ᠪᠦᠬᠦ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠤᠯᠤᠨ ᠮᠤᠩᠭᠤᠯ ᠬᠡᠯᠡ ᠪᠠᠷ ᠲᠡᠳᠡᠨ ᠤ ᠦᠢᠯᠡᠳᠪᠦᠷᠢᠯᠡᠯ ᠠᠮᠢᠳᠤᠷᠠᠯ ᠳᠤ ᠠᠴᠢ  ᠲᠤᠰᠠ ᠲᠠᠢ ᠬᠠᠥᠯᠢ ᠴᠠᠭᠠᠵᠠ  ᠶᠢᠨ ᠮᠡᠳᠡᠯᠭᠡ ᠶᠢᠨ ᠵᠢᠯᠤᠭᠤᠳᠤᠮᠵᠢ ᠬᠢᠭᠰᠡᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号