ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ  ᠬᠤᠷᠢᠶ᠎ᠠ ᠤᠨᠤᠯ ᠤᠨ ᠭᠤᠣᠯ ᠳᠤᠭᠤᠶᠢᠯᠠᠩ ︵ᠥᠷᠭᠡᠳᠬᠡᠭᠰᠡᠨ︶ ᠤᠨ ᠲᠥᠪᠯᠡᠷᠡᠩᠭᠦᠢ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/17
     9 ᠰᠠᠷ᠎ᠠ ᠶᠢᠨ 14 ᠤ ᠦᠳᠡ ᠶᠢᠨ ᠬᠤᠶᠢᠨ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ  ᠬᠤᠷᠢᠶ᠎ᠠ ᠤᠨᠤᠯ ᠤᠨ ᠭᠤᠣᠯ ᠳᠤᠭᠤᠶᠢᠯᠠᠩ ︵ᠥᠷᠭᠡᠳᠬᠡᠭᠰᠡᠨ︶ ᠤᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠰᠤᠷᠤᠯᠴᠠᠯᠭ᠎ᠠ ᠬᠢᠵᠡᠢ᠃ ᠬᠤᠰᠢᠭᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠨ᠂ ᠪᠥᠬᠦ ᠬᠤᠰᠢᠭᠤᠨ ᠤ ᠳᠡᠳ᠋ ᠰᠠᠯᠠᠭᠠᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠬᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢᠦ ᠶᠧ ᠬᠤᠷᠠᠯ ᠡᠷᠭᠢᠯᠡᠪᠡ᠃
     ᠰᠤᠷᠤᠯᠴᠠᠯᠭ᠎ᠠ ᠶᠢᠨ ᠬᠤᠷᠠᠯ ᠠᠴᠠ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠦᠨᠳᠦᠰᠦᠲᠡᠨ ᠤ ᠤᠨᠤᠯ ᠪᠣᠯᠤᠨ ᠲᠦᠷᠦ ᠶᠢᠨ ᠪᠤᠳᠤᠯᠭ᠎ᠠ ᠶᠢᠨ ᠵᠢᠭᠠᠨ ᠰᠤᠳᠤᠯᠬᠤ ᠬᠡᠯᠲᠡᠰ ᠤᠨ ᠶᠠᠩ ᠰᠢᠩ ᠮᠧᠩ ᠫᠷᠤᠹᠧᠰᠰᠤᠷ ᠢ ︽ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠨᠠᠭᠰᠢᠳᠠ ᠪᠠᠲᠤᠳᠬᠠᠬᠤ︾ ᠭᠤᠣᠯ ᠰᠡᠳᠦᠪ ᠤᠨ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠯᠭᠡᠬᠦ ᠪᠠᠷ ᠣᠨᠴᠠᠭᠠᠶᠢᠯᠠᠨ ᠤᠷᠢᠵᠠᠢ᠃ ᠲᠠᠶᠢᠯᠤᠮᠵᠢ ᠳᠤ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠬᠢᠭᠡᠳ ᠦᠨᠳᠦᠰᠦᠲᠡᠨ ᠤ ᠪᠦᠯᠬᠦᠮᠳᠡᠯ ᠤᠨ ᠲᠤᠬᠠᠶ ᠥᠭᠦᠯᠡᠬᠦ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠵᠢᠴᠢ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠳᠤ ᠬᠦᠴᠦ ᠪᠠᠨ ᠲᠥᠪᠯᠡᠷᠡᠭᠦᠯᠬᠦ ᠵᠡᠷᠭᠡ ᠲᠠᠯ᠎ᠠ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠤᠬᠠᠶ ᠨᠠᠷᠢᠨ ᠲᠠᠶᠢᠯᠤᠮᠵᠢ ᠬᠢᠵᠦ᠂ ᠶᠡᠷᠦᠩᠬᠡᠶ ᠱᠦᠵᠢ ᠰᠢ ᠶᠢᠨ ᠫᠢᠩ ᠶᠢᠨ ᠦᠨᠳᠦᠰᠦᠲᠡᠨ ᠤ ᠠᠵᠢᠯ ᠤᠨ ᠰᠢᠨ᠎ᠡ ᠦᠵᠡᠯ ᠰᠠᠨᠠᠭ᠎ᠠ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠲᠣᠳᠣᠷᠬᠠᠶᠢᠯᠠᠵᠠᠶ᠃
      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠨᠢ ᠥᠷᠭᠡᠨ ᠳᠡᠯᠭᠡᠷ ᠭᠦᠨ ᠭᠦᠨᠵᠡᠭᠡᠶ ᠪᠠᠶᠢᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ᠂ ᠴᠢᠬᠤᠯᠠ ᠡᠭᠦᠷᠭᠡ᠂ ᠠᠵᠢᠯ ᠤᠨ ᠭᠤᠣᠯ ᠱᠤᠭᠤᠮ᠂ ᠳᠦᠷᠢᠮ ᠤᠨ ᠪᠠᠲᠤᠯᠠᠭ᠎ᠠ᠂ ᠪᠡᠶᠡᠯᠡᠭᠦᠯᠬᠦ ᠠᠷᠭ᠎ᠠ ᠬᠡᠯᠪᠡᠷᠢ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠵᠥᠪ ᠣᠨᠣᠪᠴᠢᠲᠠᠢ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠪᠣᠯᠤᠨ ᠦᠨᠳᠦᠰᠦᠲᠡᠨ ᠤ ᠠᠵᠢᠯ ᠤᠨ ᠠᠷᠭ᠎ᠠ ᠶᠢᠨ ᠤᠨᠤᠯ ᠪᠣᠯ ᠨᠠᠮ ᠤᠨ ᠦᠨᠳᠦᠰᠦᠲᠡᠨ ᠤ ᠠᠵᠢᠯ ᠤᠨ ᠦᠢᠯᠡᠳᠦᠯᠭᠡ ᠶᠢᠨ ᠬᠠᠮᠤᠭ ᠤᠨ ᠰᠢᠨ᠎ᠡ ᠳ᠋ᠦᠩᠨᠡᠯᠲᠡ ᠮᠥᠨ᠂ ᠮᠠᠷᠺᠰ ᠤᠨ ᠦᠵᠡᠯ ᠤᠨ ᠦᠨᠳᠦᠰᠦᠲᠡᠨ ᠤ ᠤᠨᠤᠯ ᠢ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠮᠥᠨ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠮᠥᠨ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号