ᠪᠦᠬᠦ ᠬᠤᠰᠢᠭᠤᠨ ᠤ ᠬᠢᠯᠢ ᠬᠠᠮᠠᠭᠠᠯᠠᠭᠴᠢ ᠶᠢᠨ ᠠᠶᠠᠨ ᠤ ᠪᠤᠯᠪᠤᠰᠤᠷᠠᠯ ᠤᠨ ᠤᠷᠤᠯᠳᠤᠭᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2021/9/18
     ᠬᠤᠰᠢᠭᠤᠨ ᠤ ᠬᠢᠯᠢ ᠶᠢᠨ ᠬᠠᠮᠠᠭᠠᠯᠠᠯᠳᠠ ᠶᠢᠨ ᠵᠦᠪᠯᠡᠯ ᠤᠨ2021 ᠤᠨ ᠤ ᠠᠵᠢᠯ ᠤᠨ ᠭᠤᠤᠯᠳᠠᠯᠭ᠎ᠠ ᠪᠠ ᠵᠢᠯ ᠤᠨ ᠡᠬᠢᠨ ᠤ ᠠᠵᠢᠯ ᠤᠨ ᠲᠤᠬᠢᠷᠠᠭᠤᠯᠤᠯᠳᠠ ᠪᠠᠷ9 ᠰᠠᠷ᠎ᠠ ᠶᠢᠨ16 ᠤ ᠡᠳᠦᠷ ᠪᠠᠶᠠᠠᠬᠤᠸᠠ ᠪᠠᠯᠭᠠᠰᠤᠨ ᠳᠤ ᠪᠦᠬᠦ ᠬᠤᠰᠢᠭᠤᠨ ᠤ ᠬᠢᠯᠢ ᠬᠠᠮᠠᠭᠠᠯᠠᠭᠴᠢ ᠶᠢᠨ ᠨᠠᠮᠤᠷ ᠤᠨ ᠤᠯᠠᠷᠢᠯ ᠤᠨ ᠠᠶᠠᠨ ᠤ ᠪᠤᠯᠪᠠᠰᠤᠷᠠᠯ ᠤᠨ ᠤᠷᠤᠯᠳᠤᠭᠠᠨ ᠶᠠᠪᠤᠭᠳᠠᠭᠰᠠᠨ ᠪᠠᠶᠢᠨ᠎ᠠ᠃
     ᠬᠤᠰᠢᠭᠤᠨ ᠤ ᠬᠢᠯᠢ ᠶᠢᠨ ᠬᠠᠮᠠᠭᠠᠯᠠᠯᠳᠠ ᠶᠢᠨ ᠠᠯᠪᠠᠨ ᠭᠡᠷ᠂ ᠪᠠᠶᠠᠠᠬᠤᠸᠠ ᠪᠠᠯᠭᠠᠰᠤᠨ ᠤ ᠨᠠᠮ ᠤᠨ  ᠬᠤᠷᠢᠶ᠎ᠠ ᠵᠠᠰᠠᠭ ᠤᠨ ᠤᠷᠳᠤᠨ  ᠬᠠᠮᠳᠤᠷᠠᠨ ᠲᠤᠰ ᠤᠳᠠᠭᠠᠨ ᠤ ᠬᠦᠳᠡᠯᠭᠡᠭᠡᠨ ᠢ ᠡᠷᠬᠢᠯᠡᠵᠦ᠂ ᠬᠤᠰᠢᠭᠤᠨ ᠤ ᠬᠢᠯᠢ  ᠶᠢᠨ ᠬᠠᠮᠠᠭᠠᠯᠠᠯᠳᠠ ᠶᠢᠨ ᠵᠦᠪᠯᠡᠯ ᠵᠢᠴᠢ ᠠᠯᠪᠠᠨ ᠭᠡᠷ᠂ ᠤᠮᠠᠷᠠᠳᠦ ᠬᠢᠯᠢ ᠶᠢᠨ ᠬᠤᠯᠪᠤᠭᠠᠳᠦ ᠨᠠᠮ ᠤᠨ ᠬᠤᠷᠢᠶ᠎ᠠ᠂ ᠮᠢᠩᠭᠠᠨ ᠪᠠᠯᠭᠠᠰᠤ᠂ ᠲᠠᠷᠬᠠᠨ ᠰᠤᠮᠤ᠂ ᠬᠤᠰᠢᠭᠤᠨ ᠤ ᠬᠢᠯᠢ ᠶᠢᠨ ᠬᠠᠮᠠᠭᠠᠯᠠᠯᠳᠠ ᠶᠢᠨ ᠶᠡᠭᠡ ᠠᠩᠭᠢ ᠶᠢᠨ ᠭᠤᠤᠯ ᠤᠳᠤᠷᠢᠳᠤᠯᠭ᠎ᠠ᠂ ᠰᠤᠮᠤ ᠪᠠᠯᠭᠠᠰᠤᠨ ᠤ ᠲᠡᠳ᠋ ᠱᠦᠵᠢ ᠬᠢᠯᠢ ᠬᠠᠮᠠᠭᠠᠯᠠᠭᠴᠢ ᠶᠢᠨ ᠲᠤᠰᠬᠠᠢ ᠬᠠᠮᠢᠶᠠᠷᠤᠭᠴᠢ᠂ ᠲᠤᠮᠳᠠᠳᠦ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠬᠤᠪᠢᠶᠠᠷᠢ ᠠᠩᠭᠢ ᠶᠢᠨ ᠭᠤᠤᠯ ᠤᠳᠤᠷᠢᠳᠤᠯᠭ᠎ᠠ᠂ ᠡᠯ᠎ᠡ ᠬᠢᠯᠢ ᠶᠢᠨ ᠲᠤᠮᠢᠯᠠᠭᠰᠠᠨ ᠰᠠᠯᠪᠤᠷᠢ ᠶᠢᠨ ᠭᠤᠤᠯ ᠬᠠᠮᠢᠶᠠᠷᠣᠭᠴᠢ᠂ ᠪᠦᠬᠦ ᠬᠢᠯᠢ ᠬᠠᠮᠠᠭᠠᠯᠠᠭᠴᠢ ᠵᠡᠷᠭᠡ ᠵᠠᠭᠤ  ᠵᠢᠷᠠ ᠭᠠᠷᠤᠢ ᠬᠦᠮᠦᠨ ᠡᠨᠡᠬᠦ ᠬᠦᠳᠡᠯᠭᠡᠭᠡᠨ ᠳᠤ ᠤᠷᠤᠯᠴᠠᠭᠰᠠᠨ ᠪᠠᠶᠢᠨ᠎ᠠ᠃
     ᠲᠤᠰ ᠤᠳᠠᠭᠠᠨ ᠤ ᠬᠦᠳᠡᠯᠭᠡᠭᠡᠨ ᠨᠢ ᠬᠢᠯᠢ ᠬᠠᠮᠠᠭᠠᠯᠠᠭᠴᠢ ᠶᠢᠨ ᠬᠢᠯᠢ ᠶᠢᠨ ᠬᠠᠮᠠᠭᠠᠯᠠᠯᠳᠠ ᠶᠢᠨ ᠶᠡᠷᠦ ᠶᠢᠨ ᠮᠡᠳᠡᠯᠭᠡ ᠶᠢᠨ ᠠᠰᠠᠭᠤᠯᠳᠠ ᠬᠠᠷᠢᠭᠤᠯᠳᠠ᠂ ᠪᠠᠶᠢᠳᠠᠯ ᠤᠨ  ᠮᠡᠳᠡᠭᠦᠯᠦᠯᠳᠡ ᠶᠢᠨ ᠰᠢᠯᠭᠠᠯᠳᠠ᠂  ᠵᠢᠠᠠᠰᠠᠭᠠᠯ ᠤᠷᠤᠯᠳᠤᠭᠠᠨ ᠵᠡᠷᠭᠡ ᠠᠭᠤᠯᠭ᠎ᠠ ᠪᠠᠷ ᠶᠠᠪᠤᠭᠳᠠᠵᠦ᠂ ᠪᠠᠰᠠ ᠠᠷᠠᠳ ᠤᠨ ᠤᠷᠠᠯᠢᠭᠴᠢᠳ᠃ ᠬᠢᠯᠢ ᠬᠠᠮᠠᠭᠠᠯᠠᠭᠴᠢ ᠨᠠᠷ  ᠠᠴᠠ ᠭᠤᠶᠤ ᠰᠠᠶᠢᠬᠠᠨ ᠤ ᠲᠤᠭᠯᠠᠯᠳᠠ ᠭᠠᠷᠭᠠᠵᠠᠢ᠃
     ᠬᠦᠳᠡᠯᠭᠡᠭᠡᠨ ᠤ ᠲᠠᠷᠠᠭ᠎ᠠ ᠪᠦᠬᠦ ᠬᠢᠯᠢ ᠬᠠᠮᠠᠭᠠᠯᠠᠭᠴᠢᠳ ᠤᠮᠠᠷᠠᠳᠦ ᠬᠢᠯᠢ ᠶᠢᠨ ᠬᠤᠯᠪᠤᠭᠠᠳᠦ ᠨᠠᠮ ᠤᠨ ᠬᠤᠷᠢᠶᠠᠨ ᠤ ᠵᠤᠬᠢᠶᠠᠨ ᠪᠠᠶᠢᠭᠤᠯᠤᠭᠰᠠᠨ ︽ᠲᠤᠮᠳᠠᠳᠦ ᠶᠢᠨ ᠦᠨᠳᠦᠰᠦᠳᠡᠨ ᠤ ᠬᠠᠮᠳᠦ ᠴᠤᠭᠴᠠ ᠶᠢᠨ ᠤᠬᠠᠮᠰᠠᠷ ᠢ ᠪᠠᠳᠤᠳᠬᠠᠬᠤ︾ ᠨᠠᠮ ᠤᠨ ᠬᠢᠴᠢᠶᠡᠯ ᠤᠨ ᠲᠠᠶᠢᠯᠤᠮᠵᠢ ᠳᠤ ᠤᠷᠤᠯᠴᠠᠭᠰᠠᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号