ᠬᠥᠭᠰᠢᠨ ᠵᠠᠯᠠᠭᠤ ᠬᠠᠮᠲᠤ ᠪᠠᠷ ᠪᠠᠶᠠᠷ ᠢ ᠪᠡᠯᠭᠡᠯᠡᠵᠦ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠪᠡᠯᠭᠡᠯᠡᠵᠦ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2021/9/18
     ︽ᠮᠠᠨ ᠤ ᠨᠠᠰᠤᠲᠠᠶᠢᠴᠤᠳ ᠪᠠᠰᠠ ᠲᠣᠭᠯᠠᠯᠲᠠ ᠦᠵᠡᠵᠦ ᠴᠢᠳᠠᠨ᠎ᠠ᠂ ᠪᠠᠰᠠ ᠶᠧᠪᠡᠩ ᠬᠢᠵᠦ ᠰᠤᠷᠴᠤ ᠴᠢᠳᠠᠨ᠎ᠠ᠂ ᠨᠡᠶᠢᠭᠡᠮ ᠲᠣᠭᠤᠷᠢᠭ ᠤᠨ ᠠᠵᠢᠯᠯᠠᠭ᠎ᠠ ᠪᠣᠯ ᠦᠨᠡᠬᠡᠷ ᠮᠠᠰᠢ ᠤᠳᠬ᠎ᠠ ᠠᠭᠤᠯᠭ᠎ᠠ ᠲᠠᠢ ᠶᠤᠮ  ︾ 9 ᠰᠠᠷ᠎ᠠ ᠶᠢᠨ 16 ᠤ ᠡᠳᠦᠷ᠂ ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ ᠪᠣᠯᠤᠨ ᠠᠶᠢᠪᠦᠭᠠᠢ ᠨᠡᠶᠢᠭᠡᠮ ᠲᠣᠭᠤᠷᠢᠭ ᠤᠨ ᠬᠠᠮᠲᠤᠷᠠᠨ ᠡᠷᠬᠢᠯᠡᠭᠰᠡᠡ ︽ᠲᠡᠷᠭᠡᠯ ᠰᠠᠷᠠᠨ ᠲᠡᠷᠭᠡᠯ ᠪᠠᠶᠠᠷ ᠲᠡᠷᠭᠡᠯ ᠰᠠᠷᠠᠨ ᠲᠡᠷᠭᠡᠯ ᠪᠠᠶᠠᠷ ᠲᠡᠷᠭᠡᠯᠰᠢᠬᠦ︾ ᠭᠤᠣᠯ ᠰᠡᠳᠦᠪᠲᠦ ᠠᠵᠢᠯᠯᠠᠭ᠎ᠠ ᠳᠤ ᠣᠷᠣᠯᠴᠠᠭᠰᠠᠨ ᠤ ᠳᠠᠷᠠᠭ᠎ᠠ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠯᠦ ᠬᠦᠢ ᠮᠢᠨ ᠪᠠᠶᠠᠷᠲᠠᠢ ᠪᠠᠷ ᠶᠠᠷᠢᠨ᠎ᠠ᠃       ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠳᠤ᠂ ᠬᠠᠷᠢᠶ᠎ᠠ ᠣᠷᠣᠨ ᠤ ᠨᠠᠰᠤᠲᠠᠶᠢᠴᠤᠳ ᠲᠤ ᠨᠡᠶᠢᠭᠡᠮ ᠲᠣᠭᠤᠷᠢᠭ ᠤᠨ ᠬᠠᠯᠠᠭᠤᠨ ᠳᠤᠯᠠᠭᠠᠨ ᠢ ᠬᠦᠷᠲᠡᠭᠡᠵᠦ᠂ ᠵᠠᠯᠠᠭᠤᠴᠤᠳ ᠪᠠᠭᠠᠴᠤᠳ ᠲᠤ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠰᠣᠶᠣᠯ ᠤᠨ ᠠᠭᠤᠷ ᠠᠮᠢᠰᠬᠤᠯ ᠢ ᠡᠳ᠋ᠯᠡᠭᠦᠯᠬᠦ ᠶᠢᠨ ᠲᠥᠯᠥᠭᠡ ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ᠂ ᠠᠶ ᠪᠥᠸᠧ ᠭᠠᠶ ᠨᠡᠶᠢᠭᠡᠮ ᠲᠣᠭᠤᠷᠢᠭ ᠬᠠᠮᠲᠤᠷᠠᠨ ᠨᠢᠭᠡ ᠤᠳᠠᠭᠠᠨ ᠤ ᠤᠷ᠎ᠠ ᠴᠢᠳᠠᠪᠤᠷᠢ ᠪᠠᠨ ᠳᠡᠯᠭᠡᠨ ᠦᠵᠡᠭᠦᠯᠬᠦ᠂ ᠶᠧᠪᠡᠩ ᠬᠢᠬᠦ᠂ ᠬᠠᠮᠲᠤ ᠪᠠᠷ ᠶᠠᠷᠢᠯᠴᠠᠵᠤ ᠴᠤᠭᠯᠠᠬᠤ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠪᠡᠯᠭᠡᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠠᠶ᠃
     ᠠᠵᠢᠯᠯᠠᠭ᠎ᠠ ᠨᠢ ︽ᠰᠠᠷᠠ ᠲᠡᠷᠭᠡᠯᠰᠢᠵᠦ ᠤᠯᠤᠰ ᠭᠦᠷᠦᠨ ᠲᠡᠷᠭᠡᠯᠰᠢᠬᠦ ᠶᠢ ᠤᠯᠠᠮᠵᠢᠯᠠᠭᠰᠠᠨ ᠰᠣᠩᠭᠤᠳᠠᠭ ᠪᠦᠲᠦᠭᠡᠯ︾ ᠭᠡᠬᠦ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠵᠠᠩ ᠦᠢᠯᠡ ᠶᠢᠨ ᠰᠣᠶᠣᠯ ᠤᠨ ᠲᠠᠶᠢᠯᠤᠮᠵᠢ ᠠᠴᠠ ᠡᠬᠢᠯᠡᠵᠡᠢ᠃ ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ ᠶᠢᠨ ᠸᠠᠩ ᠷᠦᠢ ᠰᠢᠤᠸᠠᠨ ᠪᠠᠭᠰᠢ ᠬᠠᠮᠲᠤ ᠰᠤᠷᠤᠭᠴᠢᠳ ᠲᠠᠭᠠᠨ ᠨᠠᠶ᠋ᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠢᠷᠡᠯᠲᠡ᠂ ᠳᠣᠮᠤᠭ ᠶᠠᠷᠢᠶ᠎ᠠ᠂ ᠲᠡᠤᠬᠡᠨ ᠥᠯᠢᠭᠡᠷ᠂ ᠠᠷᠠᠳ ᠤᠨ ᠵᠠᠩ ᠳᠠᠳᠬᠠᠯ ᠵᠢᠴᠢ ᠪᠢᠴᠢᠭ ᠤᠨ ᠬᠥᠮᠦᠰ ᠤᠨ ᠰᠠᠷᠠ ᠰᠣᠨᠢᠷᠬᠠᠬᠤ ᠶᠢᠨ ᠲᠥᠯᠥᠭᠡ ᠵᠣᠬᠢᠶᠠᠨ ᠪᠦᠲᠦᠭᠡᠭᠰᠡᠨ ᠰᠢᠯᠦᠭ ᠳᠠᠭᠤᠯᠠᠯ ᠵᠡᠷᠭᠡ ᠶᠢ ᠲᠠᠨᠢᠯᠴᠠᠭᠤᠯᠵᠤ᠂ ᠰᠤᠷᠤᠭᠴᠢᠳ ᠲᠤ ᠠᠭᠤᠵᠢᠭᠤ ᠲᠠᠯᠪᠢᠭᠤ ᠠᠭᠤᠷ ᠠᠮᠢᠰᠬᠤᠯ ᠤᠨ ᠳᠤᠮᠳᠠ ᠨᠠᠶ᠋ᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠬᠠᠮᠢᠶ᠎ᠠ ᠪᠥᠬᠦᠶ ᠮᠡᠳᠡᠯᠭᠡ ᠶᠢ ᠡᠵᠡᠮᠰᠢᠭᠦᠯᠦᠭᠰᠡᠨ ᠮᠥᠷᠲᠡᠭᠡᠨ ᠪᠠᠰᠠ ᠰᠤᠷᠤᠭᠴᠢᠳ ᠤᠨ ᠤᠳᠬ᠎ᠠ ᠵᠣᠬᠢᠶᠠᠯ ᠤᠨ ᠬᠤᠷᠠᠮᠳᠤᠯ ᠢ ᠨᠡᠮᠡᠭᠳᠡᠭᠦᠯᠦᠭᠰᠡᠨ ᠪᠠᠶᠢᠨ᠎ᠠ᠃
      ᠲᠣᠭᠯᠠᠯᠲᠠ ᠶᠢ ᠦᠵᠡᠵᠦ᠂ ᠶᠧᠪᠡᠩ ᠢᠳᠡᠵᠦ᠂ ᠨᠠᠰᠤᠲᠠᠶᠢᠴᠤᠳ ᠠᠵᠢᠯᠲᠠᠳ ᠲᠠᠢ ᠪᠠᠨ ᠰᠡᠳᠬᠢᠯ ᠤᠨ ᠦᠭᠡ ᠪᠠᠨ ᠶᠠᠷᠢᠯᠴᠠᠵᠤ᠂ ᠠᠮᠢᠳᠤᠷᠠᠯ ᠤᠨ ᠳᠤᠮᠳᠠ ᠠᠰᠠᠭᠤᠳᠠᠯ ᠪᠠ ᠬᠦᠴᠢᠷᠳᠡᠯ ᠲᠤᠯᠭᠠᠷᠠᠭᠰᠠᠨ ᠠᠴᠠ ᠨᠡᠶᠢᠭᠡᠮ ᠲᠣᠭᠤᠷᠢᠭ ᠤᠨ ᠠᠵᠢᠯᠲᠠᠳ ᠤᠨ ᠬᠠᠯᠠᠮᠵᠢᠯᠠᠯ ᠳᠤ ᠬᠦᠷᠲᠡᠯ᠎ᠡ᠂ ᠲᠡᠷᠭᠡᠯ ᠰᠠᠷᠠᠨ ᠤ ᠪᠠᠶᠠᠷ ᠢ ᠥᠩᠭᠡᠷᠡᠭᠦᠯᠬᠦ ᠶᠢ ᠡᠷᠬᠢᠮᠯᠡᠵᠦ ᠵᠠᠩᠰᠢᠭᠰᠠᠨ ᠠᠴᠠ ᠣᠲᠣ ᠪᠣᠯᠲᠠᠯ᠎ᠠ ᠠᠮᠢᠳᠤᠷᠠᠯ ᠤᠨ ᠨᠥᠬᠦᠴᠡᠯ᠂ ᠦᠵᠡᠯ ᠰᠠᠨᠠᠭ᠎ᠠ ᠣᠶᠢᠯᠠᠭᠠᠭᠳᠠᠬᠤᠨ ᠤ ᠬᠤᠪᠢᠷᠠᠯᠲᠠ᠂ ᠤᠯᠠᠮᠵᠢᠯᠠᠯᠲᠤ ᠪᠠᠶᠠᠷ ᠤᠨ ᠡᠳᠦᠷ ᠲᠤ ᠰᠡᠮᠬᠡᠨ ᠬᠤᠪᠢᠷᠠᠯᠲᠠ ᠭᠠᠷᠴᠤ ᠪᠠᠶᠢᠨ᠎ᠠ᠃ ᠤᠯᠠᠨ ᠢᠶᠠᠷ ᠢᠶᠠᠨ ᠨᠢᠭᠡ ᠨᠢᠭᠡ ᠪᠠᠷ ᠢᠶᠠᠨ ᠶᠠᠷᠢᠵᠤ᠂ ᠪᠤᠳᠤᠵᠦ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠬᠤᠪᠢ ᠬᠤᠪᠢᠨ ᠤ ᠰᠠᠨᠠᠯ ᠢᠶᠠᠨ ᠶᠠᠷᠢᠵᠠᠭᠠᠵᠤ ᠪᠠᠶᠢᠬᠤ ᠶᠢ ᠣᠯᠵᠤ ᠮᠡᠳᠡᠨ᠎ᠡ᠃ ᠰᠤᠷᠤᠭᠴᠢᠳ ᠤᠨ ᠮᠤᠷᠢᠨ ᠬᠤᠭᠤᠷ ᠤᠨ ᠨᠠᠶᠢᠷᠠᠯ ᠬᠥᠭᠵᠢᠮ ︽ᠮᠣᠩᠭᠤᠯ ᠠᠵᠢᠨᠠᠶ ᠬᠦᠯᠦᠭ︾᠂ ᠨᠡᠶᠢᠭᠡᠮ ᠲᠣᠭᠤᠷᠢᠭ ᠤᠨ ᠠᠵᠢᠯᠲᠠᠳ ᠤᠨ ︽ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ︾᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ︽ᠬᠥᠳᠡᠭᠡ ᠲᠠᠯ᠎ᠠ ᠳᠤ ᠮᠥᠩᠬᠡ ᠶᠢᠨ ᠨᠠᠷᠠ ᠮᠠᠨᠳᠤᠯ᠎ᠠ︾ ᠵᠡᠷᠭᠡ ᠢᠷᠠᠭᠤ ᠰᠠᠶᠢᠬᠠᠨ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠡᠶ᠎ᠡ ᠵᠣᠬᠢᠴᠠᠩᠭᠤᠢ ︽ᠰᠣᠶᠣᠯ ᠤᠨ ᠲᠠᠩᠰᠤᠭ ᠬᠤᠭᠤᠯᠠ︾ ᠬᠦᠷᠭᠡᠵᠡᠢ᠃
      ᠶᠧᠪᠡᠩ ᠪᠣᠯ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠤᠯᠠᠮᠵᠢᠯᠠᠯᠲᠤ ᠢᠳᠡᠭᠡᠨ ᠶᠤᠮ᠂ ᠠᠵᠢᠯᠯᠠᠭ᠎ᠠ ᠶᠢᠨ ᠳᠤᠮᠳᠠ ᠶᠧᠪᠡᠩ ᠬᠢᠳᠡᠭ ︽ᠠᠬᠠᠮᠠᠳ ᠪᠠᠭᠰᠢ︾ ᠠᠴᠠ ᠶᠧᠪᠡᠩ ᠬᠢᠬᠦ ᠠᠷᠭ᠎ᠠ ᠶᠢ ᠣᠯᠠᠨ ᠳᠤ ᠲᠠᠨᠢᠯᠴᠠᠭᠤᠯᠵᠤ᠂ ᠶᠧᠪᠡᠩ ᠢ ᠬᠢᠬᠦ ᠪᠦᠷᠢᠨ ᠪᠦᠲᠦᠨ ᠶᠠᠪᠤᠴᠠ ᠶᠢ ᠨᠠᠷᠢᠨ ᠲᠠᠶᠢᠯᠪᠤᠷᠢᠯᠠᠬᠤ ᠶᠢᠨ ᠬᠠᠮᠲᠤ ᠦᠯᠢᠭᠡᠷ ᠵᠢᠱᠢᠶ᠎ᠡ ᠦᠵᠡᠭᠦᠯᠵᠦ᠂ ᠭᠤᠯᠢᠷ ᠨᠤᠬᠤᠬᠤ᠂ ᠢᠳᠡᠭᠡ ᠲᠠᠭᠠᠷᠠᠭᠤᠯᠬᠤ᠂ ᠠᠷᠠᠰᠤ ᠲᠦᠯᠬᠢᠯᠴᠡᠬᠦ᠂ ᠢᠳᠡᠭᠡ ᠪᠠᠭᠯᠠᠬᠤ᠂ ᠳᠠᠷᠤᠵᠤ ᠬᠡᠪᠰᠢᠭᠦᠯᠬᠦ᠂ ᠬᠠᠭᠰᠠᠭᠠᠬᠤ ᠵᠡᠷᠭᠡ ᠶᠢ ᠵᠢᠭᠠᠵᠤ᠂ ︽ᠠᠬᠠᠮᠠᠳ ᠪᠠᠭᠰᠢ︾ ᠶᠢᠨ ᠵᠢᠯᠣᠭᠤᠳᠣᠯᠭ᠎ᠠ ᠳᠣᠣᠷ᠎ᠠ᠂ ᠣᠯᠠᠨ ᠢᠶᠠᠷ ᠢᠶᠠᠨ ᠬᠢᠬᠦ ᠠᠷᠭ᠎ᠠ ᠳᠡᠮ ᠢ ᠠᠭᠠᠵᠢᠮ ᠢᠶᠠᠷ ᠡᠵᠡᠮᠰᠢᠵᠦ᠂ ᠤᠷᠮ᠎ᠠ ᠪᠠᠬ᠎ᠠ ᠲᠠᠢ᠂ ᠶᠠᠩᠵᠤ ᠶᠠᠩᠵᠤ ᠶᠢᠨ ᠪᠣᠯᠭᠠᠵᠠᠶ᠃ ᠴᠢ ᠢᠳᠡᠭᠡ ᠪᠠᠭᠯᠠᠭᠠᠳ ᠲᠡᠷᠡ ᠬᠡᠪ ᠢ ᠨᠢ ᠳᠠᠷᠤᠵᠤ᠂ ᠠᠵᠢᠯ ᠬᠤᠪᠢᠶᠠᠷᠢᠯᠠᠨ ᠬᠠᠮᠵᠢᠯᠴᠠᠭᠰᠠᠨ ᠠᠴᠠ ᠠᠩᠬᠢᠯᠤᠮ᠎ᠠ ᠰᠠᠶᠢᠬᠠᠨ ᠶᠧᠪᠡᠩ ᠤᠯᠠᠨ ᠤ ᠭᠠᠷ ᠲᠤ ᠪᠤᠢ ᠪᠣᠯᠤᠭᠰᠠᠨ ᠪᠠᠶᠢᠨ᠎ᠠ᠃ ᠲᠤᠬᠠᠶ ᠶᠢᠨ ᠲᠠᠯᠠᠪᠠᠶ ᠶᠢᠨ ᠰᠤᠷᠤᠭᠴᠢᠳ ᠪᠠᠶᠠᠷᠲᠠᠶ ᠪᠠᠷ᠄ ︽ᠣᠯᠠᠨ ᠲᠠᠢ ᠬᠠᠮᠲᠤ ᠪᠠᠷ ᠭᠠᠷ ᠬᠥᠳᠡᠯᠵᠦ ᠬᠢᠭᠰᠡᠨ ᠶᠧᠪᠡᠩ ᠣᠨᠴᠠᠭᠠᠶ ᠰᠠᠶᠢᠬᠠᠨ ᠦᠨᠦᠷ ᠲᠠᠢ ᠬᠠᠷᠠᠭᠳᠠᠵᠤ ᠪᠠᠶᠢᠨ᠎ᠠ︾ ᠭᠡᠵᠦ ᠢᠯᠡᠷᠬᠡᠶᠢᠯᠡᠵᠡᠶ᠃      ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠭᠡᠰᠢᠭᠦᠨ ᠲᠢᠶᠠᠨ ᠶᠤᠸᠠᠨ ᠵᠢᠶᠠ᠄ ︽ᠨᠠᠰᠤᠲᠠᠶᠢᠴᠤᠳ ᠲᠤ ᠠᠪᠢᠶᠠᠰ ᠴᠢᠳᠠᠪᠤᠷᠢ ᠪᠠᠨ ᠦᠵᠡᠭᠦᠯᠵᠦ᠂ ᠬᠡᠦᠬᠡᠳ ᠤᠳ ᠲᠤ ᠰᠣᠶᠣᠯ ᠤᠨ ᠠᠭᠤᠷ ᠠᠮᠢᠰᠬᠤᠯ ᠢ ᠡᠳ᠋ᠯᠡᠭᠦᠯᠬᠦ ᠶᠢᠨ ᠲᠥᠯᠥᠭᠡ᠂ ᠪᠢᠳᠡ ᠰᠠᠭᠤᠭᠠᠯᠢ ᠠᠷᠠᠳ ᠢ ᠨᠢᠭᠡ ᠲᠠᠩᠬᠢᠮ ᠳᠤ ᠴᠤᠭᠯᠠᠷᠠᠭᠤᠯᠵᠤ᠂ ᠤᠯᠠᠨ ᠳᠤ ᠨᠡᠶᠢᠭᠡᠮ ᠲᠣᠭᠤᠷᠢᠭ ᠤᠨ ᠬᠠᠯᠠᠭᠤᠨ ᠳᠤᠯᠠᠭᠠᠨ ᠢ ᠡᠳ᠋ᠯᠡᠭᠦᠯᠵᠦ᠂ ᠲᠣᠭᠯᠠᠯᠲᠠ ᠶᠢᠨ ᠳᠤᠮᠳᠠ ᠪᠠᠶᠠᠷ ᠪᠠᠶᠠᠰᠤᠯ ᠢ ᠡᠳ᠋ᠯᠡᠭᠦᠯᠵᠦ᠂ ᠶᠧᠪᠡᠩ ᠬᠢᠬᠦ ᠳᠤ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠦᠨᠦᠷ ᠠᠮᠲᠠ ᠶᠢ ᠡᠳ᠋ᠯᠡᠭᠦᠯᠦᠨ᠎ᠡ︾ ᠭᠡᠵᠦ ᠬᠡᠯᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号