ᠳᠠᠷᠬᠠᠨ ᠮᠤᠤᠮᠢᠩᠭᠠᠨ ᠬᠤᠰᠢᠭᠤ ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/18
     9 ᠰᠠᠷ᠎ᠠ ᠶᠢᠨ 17 ᠤ ᠦᠳᠡ ᠶᠢᠨ ᠬᠤᠶᠢᠨ᠎ᠠ᠂ ᠳᠠᠷᠬᠠᠨ ᠮᠤᠤᠮᠢᠩᠭᠠᠨ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ᠂ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠬᠤᠰᠢᠭᠤᠨ ᠤ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠢ ᠳᠥᠯᠭᠢᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠥᠬᠦ ᠬᠤᠰᠢᠭᠤᠨ ᠤ ᠠᠷᠪᠠᠨ ᠬᠤᠶᠠᠷ ᠰᠤᠮᠤ ᠰᠢᠶᠠᠩ ᠪᠠᠯᠭᠠᠰᠤ᠂ 8 ᠳᠤᠮᠳᠠᠳᠤ ᠪᠠᠭ᠎ᠠ ᠰᠤᠷᠭᠠᠭᠤᠯᠢ᠂ 9 ᠬᠡᠤᠬᠡᠳ ᠤᠨ ᠴᠡᠴᠡᠷᠯᠢᠭ᠂ 7 ᠨᠡᠶᠢᠭᠡᠮ ᠲᠣᠭᠤᠷᠢᠭ᠂ ᠡᠪᠯᠡᠯ ᠤᠨ ᠬᠤᠰᠢᠭᠤᠨ ᠤ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ ᠵᠡᠷᠭᠡ 55 ᠬᠠᠷᠢᠭᠤᠴᠠᠯᠭᠠᠲᠤ ᠨᠢᠭᠡᠴᠡ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠬᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠰᠢᠤᠢ ᠬᠤᠷᠠᠯ ᠳᠤ ᠣᠷᠣᠯᠴᠠᠪᠠ᠃
      ᠬᠤᠷᠠᠯ ᠳᠡᠭᠡᠷ᠎ᠡ᠂ ᠡᠪᠯᠡᠯ ᠤᠨ ᠬᠤᠰᠢᠭᠤᠨ ᠤ ᠨᠠᠮ ᠤᠨ  ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ  ᠲᠤᠪᠴᠢᠶ᠎ᠠ ᠵᠡᠷᠭᠡ ᠭᠤᠷᠪᠠᠨ ᠨᠢᠭᠡᠴᠡ ᠶᠢᠨ ᠬᠠᠷᠢᠭᠤᠴᠠᠯᠭᠠᠲᠠᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠠᠯ᠎ᠠ ᠪᠠᠷ ᠡᠭᠦᠳᠦᠭᠰᠡᠨ ᠨᠡᠶᠢᠲᠡᠯᠢᠭ ᠲᠤᠷᠰᠢᠯᠭ᠎ᠠ ᠶᠢᠨ ᠲᠤᠬᠠᠢ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠪᠠ︔ ᠪᠠᠲᠤᠬᠠᠭᠠᠯᠭ᠎ᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠪᠠᠲᠤᠬᠠᠭᠠᠯᠭ᠎ᠠ ᠶᠢᠨ ᠨᠢᠭᠡᠳᠦᠭᠡᠷ ᠪᠠᠭ᠎ᠠ ᠰᠤᠷᠭᠠᠭᠤᠯᠢ ᠨᠢ ᠲᠣᠰ ᠲᠣᠰ ᠤᠨ ᠰᠤᠷᠭᠠᠭᠤᠯᠢ ᠶᠢᠨ ᠢᠶᠠᠨ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠵᠡᠶ᠃ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠵᠢᠭᠰᠠᠭᠠᠯ ᠤᠨ ᠭᠠᠵᠠᠷ ᠢ ᠵᠢᠷᠤᠮᠵᠢᠭᠤᠯᠤᠨ ᠪᠠᠶᠢᠭᠤᠯᠵᠤ ᠵᠢᠭᠰᠠᠭᠠᠨ ᠪᠠᠶᠢᠴᠠᠭᠠᠭᠰᠠᠨ ᠪᠠᠶᠢᠳᠠᠯ ᠢ ᠤᠯᠠᠮᠵᠢᠯᠠᠵᠤ᠂ ᠡᠯ᠎ᠡ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠵᠢᠭᠰᠠᠭᠠᠯ ᠤᠨ ᠭᠠᠵᠠᠷ ᠢ ᠵᠢᠷᠤᠮᠵᠢᠭᠤᠯᠤᠨ ᠪᠠᠶᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠪᠠ᠃ ᠬᠤᠷᠠᠯ ᠳᠡᠭᠡᠷ᠎ᠡ ᠪᠠᠰᠠ ᠲᠠᠷᠠᠭᠠᠴᠢ ᠶᠢᠨ ᠬᠤᠭᠤᠴᠠᠭᠠᠨ ᠤ ᠪᠥᠬᠦ ᠬᠤᠰᠢᠭᠤᠨ ᠤ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠤᠨ ᠬᠠᠷᠠᠯᠲᠠ ᠵᠢᠴᠢ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠠᠶᠢᠳᠠᠯ ᠢ ᠲᠣᠳᠣᠷᠬᠠᠢ ᠲᠠᠨᠢᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠴᠢᠨᠠᠭᠰᠢᠳᠠ ᠴᠢᠩᠭᠠᠳᠬᠠᠬᠤ ᠬᠡᠷᠡᠭᠲᠡᠢ︔ ᠪᠠᠷᠢᠮᠵᠢᠶ᠎ᠠ ᠪᠠ ᠬᠦᠰᠦᠨᠦᠭᠲᠦ ᠠᠴᠠ ᠵᠥᠷᠢᠶ᠎ᠡ ᠶᠢ ᠡᠷᠢᠵᠦ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠤᠨ ᠳᠤᠲᠠᠭᠤᠳᠠᠯ ᠢ ᠨᠥᠬᠦᠪᠥᠷᠢᠯᠡᠵᠦ᠂ ᠨᠠᠰᠤᠨ ᠳᠤ ᠦᠯᠤ ᠬᠥᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠨᠠᠰᠤᠨ ᠳᠤ ᠦᠯᠤ ᠬᠥᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠢ ᠦᠢᠯᠡ ᠠᠵᠢᠯᠯᠠᠭ᠎ᠠ ᠳᠡᠭᠡᠷ᠎ᠡ ᠪᠠᠨ ᠢᠯᠡᠷᠡᠭᠦᠯᠬᠦ ᠬᠡᠷᠡᠭᠲᠡᠢ᠃ ᠲᠠᠪᠤᠨ ︽ᠶᠡᠭᠡ ᠬᠦᠴᠦ︾ ᠶᠢ ᠳᠤᠷᠠᠳᠴᠤ᠂ ᠲᠤᠬᠠᠶᠢᠯᠠᠪᠠᠯ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ︽ᠭᠤᠷᠪᠠ ᠶᠢ ᠠᠬᠢᠭᠤᠯᠬᠤ︾ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠤᠨ ᠥᠷᠲᠡᠭ ᠤᠨ ᠬᠠᠨᠳᠤᠯᠭ᠎ᠠ ᠶᠢ ᠶᠡᠷᠦᠩᠬᠡᠶᠢᠯᠡᠨ ᠵᠢᠯᠣᠭᠤᠳᠴᠤ᠂ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠴᠡᠪᠡᠷᠰᠢᠭᠦᠯᠬᠦ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠡᠮᠬᠢ ᠳᠢᠭᠯᠢᠮ ᠢ ᠴᠡᠭᠴᠡᠯᠡᠨ ᠵᠠᠰᠠᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠨᠡᠶᠢᠭᠡᠮ ᠤᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠰᠢᠯᠢᠳᠡᠭ ᠰᠣᠶᠣᠯ ᠢ ᠬᠥᠮᠦᠵᠢᠭᠦᠯᠬᠦ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠤᠨ ᠨᠠᠰᠤᠨ ᠳᠤ ᠥᠯᠥ ᠬᠦᠷᠦᠭᠰᠡᠳ ᠢ ᠬᠠᠯᠠᠮᠵᠢᠯᠠᠬᠤ ᠠᠵᠢᠯᠯᠠᠭ᠎ᠠ ᠶᠢ ᠶᠡᠬᠡᠪᠡᠷ ᠡᠭᠦᠨ ᠤ ᠬᠠᠮᠲᠤ᠂ ᠲᠠᠷᠠᠭᠠᠴᠢ ᠶᠢᠨ ᠬᠤᠭᠤᠴᠠᠭᠠᠨ ᠤ ᠪᠦᠬᠦ ᠬᠤᠰᠢᠭᠤᠨ ᠤ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠢ ᠲᠡᠷᠡ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠢ ︽ᠪᠦᠬᠦ ᠤᠯᠤᠰ ᠤᠨ ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠰᠢᠯᠭᠠᠨ ᠦᠨᠡᠯᠡᠬᠦ ᠰᠢᠰᠲ᠋ᠧᠮ︾ ᠢᠶᠠᠷ ᠬᠠᠷᠠᠯᠲᠠ ᠶᠢᠨ ᠵᠢᠯᠣᠭᠤᠳᠤᠮᠵᠢ ᠪᠣᠯᠭᠠᠵᠤ᠂ ᠠᠵᠢᠯ ᠤᠨ ᠳᠤᠲᠠᠭᠤᠳᠠᠯ ᠪᠠᠭᠤᠷᠠᠶ ᠲᠠᠯ᠎ᠠ ᠪᠠᠷ ᠠᠰᠠᠭᠤᠳᠠᠯ ᠤᠨ ᠤᠳᠤᠷᠢᠳᠤᠮᠵᠢ ᠪᠣᠯᠭᠠᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠪᠠᠷ ᠥᠷᠲᠡᠭ ᠤᠨ ᠤᠳᠤᠷᠢᠳᠤᠮᠵᠢ ᠪᠣᠯᠭᠠᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠵᠦ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠡᠯ᠎ᠡ ᠵᠦᠶ᠋ᠯ ᠤᠨ ᠠᠵᠢᠯ ᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠪᠠᠷ ᠳᠡᠮᠵᠢᠨ ᠮᠠᠨ ᠤ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠰᠢᠯᠭᠠᠨ ᠲᠣᠭᠲᠠᠭᠠᠬᠤ ᠠᠵᠢᠯ ᠢ ᠤᠭᠲᠤᠬᠤ ᠳᠤᠮᠳᠠ ᠰᠠᠶᠢᠨ ᠬᠢᠷᠢ ᠪᠦᠲᠦᠮᠵᠢ ᠤᠯᠬᠤ ᠶᠢ ᠪᠠᠲᠤᠯᠠᠵᠤ᠂ ᠮᠠᠨ ᠤ ᠬᠤᠰᠢᠭᠤᠨ ᠤ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠰᠠᠶᠢᠨ ᠰᠠᠶᠢᠬᠠᠨ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ ᠬᠠᠮᠲᠤ ᠪᠠᠷ ᠴᠢᠷᠮᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号