ᠰᠤᠷᠭᠠᠭᠤᠯᠢ ᠡᠬᠢᠯᠡᠭᠰᠡᠨ ᠨᠢᠭᠡᠳᠦᠭᠡᠷ ᠡᠳᠦᠷ︕ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠢᠨ᠎ᠡ ᠬᠦᠰᠡᠯ︕
ᠨᠡᠶᠢᠲᠡᠯᠡᠭᠰᠡᠨ ᠴᠠᠭ᠄
2021/9/2
ᠬᠤᠩᠭᠤᠷᠳᠠᠯ᠎ᠠ ᠬᠡᠦᠬᠡᠳ ᠤᠨ ᠴᠡᠴᠡᠷᠯᠢᠭ      ᠬᠤᠩᠭᠤᠷᠳᠠᠯ᠎ᠠ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠡᠭᠦᠳᠡᠨ ᠳᠤ᠂ ᠪᠢᠴᠢᠬᠠᠨ ᠨᠠᠶᠢᠵᠠ ᠨᠠᠷ ᠰᠤᠷᠭᠠᠭᠤᠯᠢ ᠶᠢᠨ ᠬᠦᠷᠢᠶᠡᠨ ᠤ ᠲᠤᠬᠠᠢ ᠬᠦᠰᠡᠯ ᠡᠷᠡᠮᠡᠯᠵᠡᠯ ᠢᠶᠠᠨ ᠡᠪᠦᠷᠯᠡᠨ᠂ ᠭᠡᠷ ᠤᠨ ᠠᠬᠠᠮᠠᠳ ᠤᠨ ᠲᠠᠭᠠᠭᠤᠯᠭ᠎ᠠ ᠪᠠᠷ ᠠᠯᠢ ᠡᠷᠲᠡ ᠬᠡᠦᠬᠡᠳ ᠤᠨ ᠴᠡᠴᠡᠷᠯᠢᠭ ᠲᠤ ᠢᠷᠡᠬᠦ ᠳᠤ᠂ ᠪᠠᠭᠰᠢ ᠨᠠᠷ ᠢᠨᠢᠶᠡᠮᠰᠦᠭᠯᠡᠨ ᠬᠡᠦᠬᠡᠳ ᠤᠳ ᠢ ᠬᠠᠯᠠᠭᠤᠨ ᠢᠶᠠᠷ ᠲᠣᠰᠴᠤ ᠠᠪᠤᠪᠠ᠂ ᠨᠢᠭᠡᠨ ᠵᠤᠨ ᠤ ᠠᠮᠠᠷᠠᠯᠲᠠ ᠶᠢᠨ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠳᠤ ᠪᠢᠴᠢᠬᠠᠨ ᠨᠠᠶᠢᠵᠠ ᠨᠠᠷ ᠤᠨ ᠬᠦᠷᠴᠦ ᠢᠷᠡᠬᠦ ᠠᠭᠱᠠᠨ ᠵᠠᠭᠤᠷ᠎ᠠ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃
     ᠬᠡᠦᠬᠡᠳ ᠤᠳ ᠲᠤ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠨᠡᠩ ᠬᠠᠶᠢᠷᠠᠯᠠᠵᠤ᠂ ᠥᠪᠡᠷ ᠤᠨ ᠣᠷᠣᠰᠢᠨ ᠲᠣᠭᠲᠠᠨᠢᠬᠤ ᠲᠦᠷᠦᠭᠳᠡᠯ ᠪᠠ ᠦᠰᠦᠨ ᠪᠤᠶᠢᠵᠢᠯᠲᠠ ᠪᠠᠨ ᠮᠡᠳᠡᠷᠡᠭᠦᠯᠬᠦ ᠶᠢᠨ ᠲᠥᠯᠥᠭᠡ᠂ ᠬᠤᠩᠭᠤᠷᠳᠠᠯ᠎ᠠ  ᠶᠢᠨ ᠦᠨᠳᠦᠰᠦᠲᠡᠨ ᠤ ᠬᠡᠦᠬᠡᠳ ᠤᠨ ᠴᠡᠴᠡᠷᠯᠢᠭ ᠠᠴᠠ ᠬᠡᠦᠬᠡᠳ ᠤᠳ ᠲᠤ ᠮᠠᠷᠲᠠᠭᠳᠠᠰᠢ ᠦᠭᠡᠢ ᠰᠤᠷᠭᠠᠭᠤᠯᠢ ᠡᠬᠢᠯᠡᠬᠦ ᠶᠣᠰᠣᠯᠠᠯ ᠢ ᠪᠡᠯᠡᠳᠬᠡᠵᠦ ᠥᠭᠪᠡ᠃
ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ      ᠳᠠᠷᠬᠠᠨ  ᠮᠤᠤᠮᠢᠩᠭᠠᠨ ᠬᠤᠯᠪᠣᠭᠠᠲᠤ ᠬᠤᠰᠢᠭᠤᠨ ᠤ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠲᠤ ︽ᠪᠠᠭᠰᠢ ᠰᠠᠶᠢᠨ ᠤᠣ︕︾ ︽ᠡᠷᠳᠡᠨᠢ ᠮᠢᠨᠢ ᠰᠠᠶᠢᠨ︕ ︽ᠬᠢᠴᠢᠶᠡᠯ ᠤᠨ ᠭᠡᠷ ᠠᠴᠠ ᠭᠠᠷᠴᠤ ᠢᠷᠡᠪᠡ᠃ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ᠳᠤ᠂ ᠪᠠᠭᠰᠢ ᠨᠠᠷ ᠬᠡᠦᠬᠡᠳ ᠢ ᠵᠣᠬᠢᠶᠠᠨ ᠪᠠᠶᠢᠭᠤᠯᠵᠤ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠲᠤᠬᠠᠢ ᠮᠡᠳᠡᠯᠭᠡ ᠪᠣᠯᠤᠨ ᠦᠨᠳᠦᠰᠦᠨ ᠠᠮᠤᠷ ᠲᠦᠪᠰᠢᠨ ᠤ ᠮᠡᠳᠡᠯᠭᠡ ᠶᠢ ᠰᠤᠷᠤᠯᠴᠠᠭᠤᠯᠵᠠᠢ᠃ ᠬᠢᠵᠢᠭ ᠤᠨ ᠪᠠᠶᠢᠳᠠᠯ ᠣᠳᠣᠬᠠᠨ ᠳᠤ᠂ ᠬᠡᠤᠬᠡᠳ ᠤᠳ ᠪᠡᠶ᠎ᠡ ᠪᠠᠨ ᠬᠠᠮᠠᠭᠠᠯᠠᠬᠤ ᠶᠢ ᠨᠠᠩ ᠢᠯᠡᠭᠦᠤ ᠰᠤᠷᠴᠤ᠂ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠬᠦ ᠴᠢᠬᠤᠯᠠᠲᠠᠶ ᠪᠠᠶᠢᠨ᠎ᠠ᠃
ᠪᠠᠲᠤᠬᠠᠭᠠᠯᠭ᠎ᠠ ᠶᠢᠨ ᠨᠢᠭᠡᠳᠦᠭᠡᠷ ᠪᠠᠭ᠎ᠠ ᠰᠤᠷᠭᠠᠭᠤᠯᠢ      9 ᠰᠠᠷ᠎ᠠ ᠶᠢᠨ 1 ᠤ ᠡᠳᠦᠷ᠂ ᠨᠠᠮ ᠬᠥᠮ ᠪᠠᠶᠢᠭᠰᠠᠨ ᠰᠤᠷᠭᠠᠭᠤᠯᠢ ᠶᠢᠨ ᠬᠦᠷᠢ᠊ ᠡᠶ᠎ᠡ ᠳᠠᠬᠢᠨᠲᠠ ᠬᠠᠮᠲᠤ ᠰᠤᠷᠤᠭᠴᠢᠳ ᠤᠨ ᠪᠠᠶᠠᠷ ᠪᠠᠶᠠᠰᠤᠯ ᠳᠤ ᠡᠪᠳᠡᠭᠳᠡᠵᠦ᠂ ᠪᠠᠲᠤᠬᠠᠭᠠᠯᠭ᠎ᠠ ᠶᠢᠨ ᠨᠢᠭᠡᠳᠦᠭᠡᠷ ᠪᠠᠭ᠎ᠠ ᠰᠤᠷᠭᠠᠭᠤᠯᠢ ᠶᠢᠨ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠡᠬᠢᠯᠡᠪᠡ᠃
      ᠬᠡᠤᠬᠡᠳ ᠤᠳ ᠤᠨ ᠬᠦᠷᠴᠦ ᠢᠷᠡᠬᠦ ᠶᠢ ᠤᠭᠲᠤᠬᠤ ᠶᠢᠨ ᠲᠥᠯᠥᠭᠡ᠂ ᠡᠯ᠎ᠡ ᠠᠩᠭᠢ ᠶᠢᠨ ᠠᠩᠭᠢ ᠶᠢᠨ ᠡᠷᠬᠢᠯᠡᠭᠴᠢ ᠪᠠᠭᠰᠢ ᠨᠠᠷ ᠡᠷᠲᠡᠬᠡᠨ ᠪᠡᠯᠡᠳᠬᠡᠯ ᠬᠢᠵᠦ᠂ ᠰᠢᠨ᠎ᠡ ᠵᠢᠯ ᠤᠨ ᠠᠭᠤᠷ ᠠᠮᠢᠰᠬᠤᠯ ᠤᠨ ᠬᠠᠯᠠᠭᠤᠨ ᠳᠤᠯᠠᠭᠠᠨ ᠂ ᠦᠨᠡᠨᠴᠢ ᠰᠢᠳᠤᠷᠭᠤ ᠪᠠᠶᠢᠬᠤ ᠶᠢ ᠤᠭᠲᠤᠵᠠᠶ᠃ ᠪᠦᠬᠦ ᠰᠤᠷᠤᠭᠴᠢᠳ ᠲᠡᠷᠢ ᠲᠡᠭᠰᠢ ᠰᠤᠷᠭᠠᠭᠤᠯᠢ ᠶᠢᠨ ᠬᠤᠪᠴᠠᠰᠤ ᠡᠮᠦᠰᠴᠦ᠂ ᠴᠤᠭ ᠵᠢᠪᠬᠤᠭ᠎ᠠ ᠲᠠᠢ ᠪᠠᠷ ᠲᠠᠮᠢᠷ ᠤᠨ ᠲᠠᠯᠠᠪᠠᠶ ᠳᠤ ᠲᠥᠪᠯᠡᠷᠡᠪᠡ᠃ ᠬᠡᠦᠬᠡᠳ ᠤᠳ ᠰᠦᠷ ᠵᠢᠪᠬᠤᠯᠠᠩᠲᠤ ᠬᠠᠩᠭᠢᠨᠠᠮ᠎ᠠ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ᠂ ᠪᠠᠷᠠᠭᠤᠨ ᠭᠠᠷ ᠢᠶᠠᠨ ᠥᠨᠳᠥᠷ ᠮᠠᠨᠳᠤᠭᠤᠯᠤᠨ ᠠᠩᠭᠢ ᠪᠠᠨ ᠬᠦᠨᠳᠦᠯᠡᠬᠦ ᠶᠣᠰᠣᠯᠠᠯ ᠢ ᠬᠢᠵᠦ᠂ ᠠᠯᠭᠤᠷ ᠠᠭᠠᠵᠢᠮ ᠢᠶᠠᠷ ᠮᠠᠨᠳᠤᠭᠰᠠᠨ ᠲᠠᠪᠤᠨ ᠣᠳᠣᠲᠤ ᠤᠯᠠᠭᠠᠨ ᠲᠤᠭ ᠢ ᠰᠢᠷᠲᠡᠯ᠎ᠡ᠂ ᠤᠯᠤᠰ ᠢᠶᠠᠨ ᠬᠠᠶᠢᠷᠠᠯᠠᠬᠤ ᠰᠡᠳᠬᠢᠯᠭᠡ ᠠᠶᠠᠨᠳᠠᠭᠠᠨ ᠡᠭᠦᠰᠪᠡ︕
ᠪᠠᠲᠤᠬᠠᠭᠠᠯᠭ᠎ᠠ ᠶᠢᠨ ᠬᠤᠶᠠᠳᠤᠭᠠᠷ ᠪᠠᠭ᠎ᠠ ᠰᠤᠷᠭᠠᠭᠤᠯᠢ      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠶᠢᠨ ᠬᠤᠶᠠᠳᠤᠭᠠᠷ ᠪᠠᠭ᠎ᠠ ᠰᠤᠷᠭᠠᠭᠤᠯᠢ ᠳᠤ᠂ ᠪᠠᠭᠰᠢ ᠨᠠᠷ ᠣᠷᠭᠢᠯᠤᠮ᠎ᠠ ᠬᠠᠯᠠᠭᠤᠨ ᠰᠡᠳᠬᠢᠯᠭᠡ ᠪᠠᠷ ᠨᠢᠭᠡᠳᠦᠭᠡᠷ ᠣᠨ ᠤ ᠰᠢᠨ᠎ᠡ ᠰᠤᠷᠤᠭᠴᠢᠳ ᠤᠨ ᠰᠤᠷᠭᠠᠭᠤᠯᠢ ᠳᠤ ᠣᠷᠣᠬᠤ ᠶᠢ ᠤᠭᠲᠤᠪᠠ᠃ ᠤᠯᠠᠭᠠᠨ ᠬᠡᠪᠢᠰ ᠢᠶᠠᠷ ᠶᠠᠪᠤᠬᠤ᠂ ᠺᠠᠷᠲ ᠢᠶᠠᠷ ᠵᠢᠷᠤᠭ ᠠᠪᠬᠤ᠂ ᠭᠠᠷ ᠤᠨ ᠥᠰᠥᠭ ᠵᠢᠷᠤᠬᠤ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠨᠢᠭᠡᠳᠦᠭᠡᠷ ᠣᠨ ᠤ ᠰᠢᠨ᠎ᠡ ᠰᠤᠷᠤᠭᠴᠢᠳ ᠲᠤ ᠢᠳᠡᠪᠬᠢᠲᠡᠶ ᠥᠭᠡᠳᠡᠷᠬᠡᠭ ᠰᠤᠷᠤᠯᠭ᠎ᠠ ᠡᠬᠢᠯᠡᠬᠦ ᠠᠭᠤᠷ ᠠᠮᠢᠰᠬᠤᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃
     ᠰᠢᠨ᠎ᠡ ᠰᠤᠷᠤᠯᠭ᠎ᠠ ᠶᠢᠨ ᠬᠤᠭᠤᠴᠠᠭ᠎ᠠ᠂ ᠰᠢᠨ᠎ᠡ ᠡᠬᠢᠯᠡᠯᠲᠡ ᠶᠢᠨ ᠴᠡᠭ᠂ ᠠᠮᠤᠷ ᠲᠦᠪᠰᠢᠨ ᠤ ᠠᠵᠢᠯ ᠢ ᠰᠡᠳᠬᠢᠯ ᠳᠡᠭᠡᠨ ᠪᠤᠳᠤᠨ᠎ᠠ᠃ ᠪᠠᠲᠤᠬᠠᠭᠠᠯᠭ᠎ᠠ ᠶᠢᠨ ᠬᠤᠶᠠᠳᠤᠭᠠᠷ ᠪᠠᠭ᠎ᠠ ᠰᠤᠷᠭᠠᠭᠤᠯᠢ ᠨᠢ ︽ᠠᠮᠤᠷ ᠲᠦᠪᠰᠢᠨ︾ ᠭᠡᠬᠦ ᠭᠤᠤᠯ ᠰᠡᠳᠦᠪ ᠤᠨ ᠲᠣᠭᠤᠷᠢᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠢᠴᠢᠶᠡᠯ ᠤᠨ ᠵᠠᠪᠰᠠᠷᠯᠠᠭ᠎ᠠ ᠶᠢᠨ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠬᠤᠷᠢᠭᠯᠠᠬᠤ ᠵᠡᠷᠭᠡ ᠲᠠᠯ᠎ᠠ ᠪᠠᠷ ᠰᠤᠷᠤᠭᠴᠢᠳ ᠲᠤ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠢ ᠰᠠᠶᠢᠲᠤᠷ ᠰᠤᠷᠤᠯᠴᠠᠪᠠ᠃
ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ      9 ᠰᠠᠷ᠎ᠠ ᠶᠢᠨ 1 ᠤ ᠦᠳᠡ ᠶᠢᠨ ᠡᠮᠦᠨ᠎ᠡ᠂ ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ ᠶᠢᠨ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠶᠣᠰᠣᠯᠠᠯ ᠰᠤᠷᠭᠠᠭᠤᠯᠢ ᠶᠢᠨ ᠬᠦᠷᠢᠶᠡᠨ ᠤ ᠲᠠᠮᠢᠷ ᠤᠨ ᠲᠠᠯᠠᠪᠠᠢ ᠳᠤ ᠦᠪᠡᠳᠡᠭᠰᠢ ᠶᠡᠬᠡᠪᠡᠷ ᠶᠠᠪᠤᠭᠳᠠᠪᠠ᠃ ᠠᠩᠬ᠎ᠠ ᠳᠤᠮᠳᠠᠳᠤ ᠶᠢᠨ ᠨᠢᠭᠡᠳᠦᠭᠡᠷ ᠣᠨ᠂ ᠥᠨᠳᠥᠷ ᠳᠤᠮᠳᠠᠳᠤ ᠶᠢᠨ ᠨᠢᠭᠡᠳᠦᠭᠡᠷ ᠣᠨ ᠢ ᠤᠭᠲᠤᠵᠤ ᠪᠠᠶᠢᠭ᠎ᠠ ᠰᠢᠨ᠎ᠡ ᠰᠤᠷᠤᠭᠴᠢᠳ ᠵᠢᠴᠢ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠲᠠᠪᠤᠳᠤᠭᠠᠷ ᠳᠤᠮᠳᠠᠳᠤ ᠰᠤᠷᠭᠠᠭᠤᠯᠢ᠂ ᠨᠢᠭᠡᠳᠦᠭᠡᠷ ᠮᠠᠰᠢᠨ ᠨᠢᠭᠡᠳᠦᠭᠡᠷ ᠳᠤᠮᠳᠠᠳᠤ ᠰᠤᠷᠭᠠᠭᠤᠯᠢ᠂ ᠪᠤᠭᠤᠲᠤ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠠᠴᠠ ᠢᠷᠡᠭᠰᠡᠨ ᠪᠠᠭᠰᠢ ᠨᠠᠷ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号