8 ᠰᠠᠷ᠎ᠠ ᠶᠢᠨ 31 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠲᠠ ᠶᠢᠨ | ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯ ᠤᠨ ᠶᠠᠷᠢᠯᠴᠠᠬᠤ ᠬᠤᠷᠠᠯ | ᠬᠤᠰᠢᠭᠤᠨ ᠤ ᠨᠠᠮ ᠤᠨ ᠬᠤᠷᠢᠶᠠᠨ ᠤ ᠳᠠᠳ ᠱᠦᠵᠢ᠂ ᠤᠯᠤᠰ ᠳᠦᠷᠤ ᠶᠢᠨ ᠬᠠᠤᠯᠢ ᠴᠠᠭᠠᠵᠠ ᠶᠢᠨ ᠬᠤᠷᠢᠶᠠᠨ ᠤ | ᠱᠦᠵᠢ ᠶᠤᠸᠠᠨ ᠮᠢ ᠬᠤᠷᠠᠯ ᠳᠤ ᠣᠷᠣᠯᠴᠠᠪᠠ᠃ ᠡᠯ᠎ᠡ ᠬᠤᠯᠪᠣᠭᠳᠠᠯ ᠪᠥᠬᠦᠶ ᠨᠢᠭᠡᠴᠡ ᠶᠢᠨ ᠬᠠᠷᠢᠭᠤᠴᠠᠯᠭᠠᠲᠠᠨ᠂ | ᠰᠤᠮᠤ ᠰᠢᠶᠠᠩ ᠪᠠᠯᠭᠠᠰᠤᠨ ᠤ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠬᠤᠷᠠᠯ ᠳᠤ ᠣᠷᠣᠯᠴᠠᠵᠠᠶ᠃ | ᠬᠤᠷᠠᠯ ᠢ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠳᠠᠷᠤᠭ᠎ᠠ ᠵᠣᠣ ᠯᠢᠶᠠᠩ ᠡᠷᠭᠢᠯᠡᠵᠡᠶ᠃ | | ᠶᠠᠷᠢᠯᠴᠠᠬᠤ ᠬᠤᠷᠠᠯ ᠠᠴᠠ ᠪᠥᠬᠦ ᠬᠤᠰᠢᠭᠤᠨ ᠤ ᠬᠤᠲᠠ ᠶ᠋᠊ᠢ᠊ᠨ ᠬᠡᠪᠴᠢᠶᠡᠨ ᠳᠠᠬᠢ ᠨᠡᠶᠢᠭᠡᠮ ᠤᠨ | ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠪᠠᠲᠤᠬᠠᠭᠠᠯᠭ᠎ᠠ ᠪᠠᠯᠭᠠᠰᠤ᠂ | ᠱᠢ ᠪᠦᠦ ᠪᠠᠯᠭᠠᠰᠤ᠂ ᠮᠠᠨᠳᠤᠯ᠎ᠠ ᠪᠠᠯᠭᠠᠰᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠤᠳᠠᠯ ᠤᠨ | ᠲᠣᠪᠴᠢᠶ᠎ᠠ ᠵᠡᠷᠭᠡ ᠨᠢ ᠲᠣᠰ ᠲᠣᠰ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯ ᠤᠨ ᠪᠠᠶᠢᠳᠠᠯ ᠤᠨ | ᠲᠤᠬᠠᠶ ᠬᠠᠷᠢᠭᠤ ᠮᠡᠳᠡᠭᠦᠯᠦᠯᠲᠡ ᠬᠢᠵᠡᠶ᠃ | ᠬᠤᠷᠠᠯ ᠠᠴᠠ᠂ ᠡᠯ᠎ᠡ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤ | ᠠᠵᠢᠯ ᠤᠨ ᠰᠢᠪᠲᠤᠯᠤᠯᠲᠠ ᠶᠢᠨ ᠴᠡᠭ ᠪᠣᠯᠤᠨ ᠬᠦᠴᠦᠯᠡᠬᠦ ᠴᠡᠭ ᠢᠶᠠᠨ ᠣᠨᠣᠪᠴᠢᠲᠠᠢ ᠣᠯᠵᠤ᠂ ᠠᠵᠢᠯ ᠤᠨ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠵᠢᠯ ᠤᠨ ᠠᠷᠭ᠎ᠠ ᠬᠡᠮᠵᠢ᠊ ᠡᠶ᠎ᠡ ᠪᠠᠨ ᠴᠢᠩᠭᠠᠳᠬᠠᠵᠤ᠂ ᠠᠵᠢᠯ ᠤᠨ | ᠠᠷᠭ᠎ᠠ ᠶᠢᠨ ᠰᠢᠨ᠎ᠡ ᠶᠢ ᠡᠭᠦᠳᠴᠦ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ | ᠵᠢᠴᠢ ᠠᠮᠤᠷ ᠠᠮᠤᠭᠤᠯᠠᠩ ᠳ᠋ᠠ ᠮᠤᠤ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ | ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠭᠤᠣᠯ ᠤᠳᠤᠷᠢᠳᠤᠯᠭ᠎ᠠ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠪᠡᠶ᠎ᠡ ᠪᠠᠷ ᠢᠶᠠᠨ ᠠᠳᠬᠤᠵᠤ | ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠳᠠᠲᠠᠢ ᠠᠳᠬᠤᠵᠤ᠂ ᠡᠮᠦᠨ᠎ᠡ ᠨᠢ ᠠᠳᠬᠤᠵᠤ᠂ | ᠬᠠᠷᠢᠭᠤᠴᠠᠯᠭ᠎ᠠ ᠶᠢ ᠨᠠᠷᠢᠯᠢᠬᠵᠢᠭᠤᠯᠤᠨ ᠵᠠᠳᠠᠯᠵᠤ᠂ ᠳᠡᠭᠡᠷ᠎ᠡ ᠳᠣᠣᠷ᠎ᠠ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ | ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ | | ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠤᠳᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠪᠣᠯᠤᠨ | ᠭᠦᠨᠵᠡᠭᠡᠢ ᠠᠭᠤᠯᠤᠭᠳᠠᠬᠤᠨ ᠢ ᠭᠦᠢᠴᠡᠳ ᠲᠠᠨᠢᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ | ᠳᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ᠂ ᠳᠤᠲᠠᠭᠤᠳᠠᠯ ᠢ ᠨᠥᠬᠦᠪᠥᠷᠢᠯᠡᠬᠦ᠂ ᠬᠦᠴᠦᠷᠬᠡᠭ ᠪᠠᠭᠤᠷᠠᠢ ᠵᠦᠢᠯᠡᠰ ᠢ | ᠨᠥᠬᠦᠪᠥᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ | ᠪᠣᠳᠠᠲᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ | ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠤᠯᠤᠰ ᠲᠦᠷᠦ ᠶᠢᠨ | ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠯ ᠢ ᠬᠠᠮᠠᠭᠠᠯᠠᠬᠤ᠂ ᠵᠥᠷᠢᠴᠡᠯ ᠤᠨ | ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠠᠷᠢᠯᠭᠠᠬᠤ᠂ ᠤᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ᠂ | ᠰᠢᠨ᠎ᠡ ᠬᠡᠯᠪᠡᠷᠢ ᠶᠢᠨ ᠰᠦᠯᠵᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ | ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ | ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠠᠵᠢᠯ ᠤᠨ ᠪᠠᠶᠢᠷᠢᠰᠢᠯ ᠤᠨ ᠣᠳᠣᠬᠢᠴᠢᠯᠠᠯᠲᠠ ᠶᠢ | ᠠᠬᠢᠭᠤᠯᠬᠤ ᠬᠡᠷᠡᠭᠲᠡᠢ᠃ ᠰᠢᠰᠲ᠋ᠧᠮ ᠲᠠᠢ ᠪᠠᠷ ᠠᠭᠤᠰᠤᠯᠴᠠᠭᠤᠯᠬᠤ᠂ ᠨᠡᠭᠡᠭᠡᠯᠲᠡ ᠲᠠᠢ ᠪᠠᠷ ᠬᠠᠮᠲᠤᠪᠠᠷ ᠵᠠᠰᠠᠬᠤ᠂ | ᠪᠣᠳᠠᠲᠠᠶ ᠶᠢ ᠡᠷᠬᠢᠮᠯᠡᠨ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨᠴᠢ ᠨᠠᠷᠢᠯᠢᠭ ᠰᠢᠨ᠎ᠡ ᠣᠶᠢᠯᠠᠭᠠᠭᠳᠠᠬᠤᠨ ᠰᠢᠨ᠎ᠡ | ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠨᠡᠶᠢᠭᠡᠮ ᠤᠨ ᠵᠠᠰᠠᠯᠲᠠ ᠶᠢᠨ ᠠᠷᠭ᠎ᠠ | ᠬᠡᠯᠪᠡᠷᠢ ᠶᠢᠨ ᠰᠢᠨ᠎ᠡ ᠶᠢ ᠡᠭᠦᠳᠴᠦ᠂ ᠨᠡᠶᠢᠭᠡᠮ ᠤᠨ ᠵᠠᠰᠠᠯᠲᠠ ᠶᠢᠨ ᠬᠦᠴᠢᠷ ᠠᠰᠠᠭᠤᠳᠠᠯ ᠢ ᠰᠢᠶ᠋ᠳᠪᠦᠷᠢᠯᠡᠵᠦ᠂ ᠪᠥᠬᠦ | ᠬᠤᠰᠢᠭᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ | ᠬᠡᠷᠡᠭᠲᠡᠶ᠃ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠡᠯ᠎ᠡ ᠵᠦᠶ᠋ᠯ ᠤᠨ ᠠᠵᠢᠯ ᠤᠨ ᠠᠷᠭ᠎ᠠ | ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠦᠢᠯᠡᠳᠦᠯᠭᠡ ᠶᠢᠨ | ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠬᠠᠮᠢᠶ᠎ᠠ ᠪᠦᠬᠦᠢ ᠠᠵᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ | ᠬᠢᠨᠠᠨ ᠵᠢᠯᠣᠭᠤᠳᠴᠤ ᠬᠢᠨᠠᠨ ᠰᠢᠯᠭᠠᠬᠤ ᠶᠢ ᠴᠢᠩᠭᠠᠳᠬᠠᠵᠤ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠤᠯᠬᠤ ᠪᠠᠷ | ᠴᠢᠷᠮᠠᠶᠢᠨ᠎ᠠ᠃ |