ᠱᠢ ᠵᠦᠩ ᠴᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠣᠷᠳᠣᠨ ᠤ 2021 ᠣᠨ ᠤ 16 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/23
     9 ᠰᠠᠷ᠎ᠠ ᠶᠢᠨ 17 ᠤ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ  ᠬᠤᠰᠢᠭᠤᠨ ᠲᠠᠷᠤᠭ᠎ᠠ ᠱᠢ ᠵᠥᠩ ᠴᠢᠨ ᠳᠠᠷᠬᠠᠨ  ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2021 ᠣᠨ ᠤ 16 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢ ᠶᠢᠨ ᠫᠢᠩ ᠶᠡᠷᠦᠩᠬᠡᠶ ᠱᠦᠵᠢ ᠶᠢᠨ ᠱᠠᠨᠰᠢ ᠶᠢᠨ ᠢᠦ᠋ᠢᠯᠢᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠢᠨ ᠨᠢᠭᠡᠳᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠰᠠᠶᠢᠳ ᠯᠢ ᠺᠧ ᠴᠢᠶᠠᠩ ᠤᠨ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠪᠣᠯᠤᠨ ᠳᠠᠷᠠᠭᠠᠴᠢ ᠶᠢᠨ ᠠᠯᠬᠤᠮ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠵᠡᠷᠭᠡ ᠠᠵᠢᠯ ᠢ ᠰᠤᠳᠤᠯᠤᠨ ᠠᠬᠢᠭᠤᠯᠤᠨ᠎ᠠ
      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ᠂ ᠥᠭᠡᠷᠡᠴᠢᠯᠡᠯᠲᠡ ᠨᠡᠭᠡᠭᠡᠯᠲᠡ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠠᠵᠢᠯ ᠢ ᠡᠷᠡᠰ ᠬᠦᠴᠦᠲᠡᠶ ᠠᠬᠢᠭᠤᠯᠵᠤ᠂ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠳ᠋ᠠ ᠮᠤᠤ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃       ᠬᠤᠷᠠᠯ ᠠᠴᠠ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠪᠦᠬᠦ ᠬᠤᠳᠠ ᠶᠢᠨ ︽ᠲᠦᠷᠪᠡᠨ ᠰᠠᠭᠤᠷᠢᠨ ᠬᠤᠶᠠᠷ ᠲᠥᠪ ᠨᠢᠭᠡ ᠥᠨᠳᠥᠷ ᠭᠠᠵᠠᠷ ᠨᠢᠭᠡ  ᠰᠢᠰᠲ᠋ᠧᠮ︾ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠴᠢᠩᠭ᠎ᠠ ᠡᠵᠡᠮᠳᠡᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠣᠷᠣᠯᠴᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠲᠡᠢ᠃ ᠠᠵᠤ ᠠᠬᠤᠶ ᠶᠢᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠪᠥᠬᠦ ᠵᠢᠯ ᠤᠨ ᠬᠥᠭᠵᠢᠯᠲᠡ ᠶᠢᠨ ᠬᠠᠷᠠᠯᠲᠠ ᠲᠠᠢ ᠬᠠᠷᠢᠴᠠᠭᠤᠯᠤᠨ᠂ ᠰᠠᠷ᠎ᠠ ᠰᠠᠷ᠎ᠠ᠂ ᠭᠠᠷᠠᠭ᠂ ᠡᠳᠦᠷ᠂ ᠶᠠᠭᠠᠷᠠᠯᠲᠠᠶ ᠳᠥᠯᠭᠢᠨ ᠠᠬᠢᠭᠤᠯᠵᠤ᠂ ᠠᠵᠢᠯ ᠤᠨ ᠠᠬᠢᠴᠠ ᠶᠢ ᠴᠠᠭ ᠤᠨ ᠠᠬᠢᠴᠠ ᠠᠴᠠ ᠲᠦᠷᠭᠡᠨ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠤᠯᠲᠠ ᠶᠢ ᠪᠦᠬᠦ ᠲᠠᠯ᠎ᠠ ᠪᠠᠷ ᠭᠦᠨᠵᠡᠭᠡᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠭᠦᠨᠵᠡᠭᠡᠶᠢᠷᠡᠭᠦᠯᠵᠦ᠂ ︽ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ︾ ᠰᠠᠶᠢᠨ ᠰᠠᠶᠢᠬᠠᠨ ᠪᠠᠶᠢᠳᠠᠯ ᠢ ᠲᠠᠰᠤᠷᠠᠯᠳᠡ ᠦᠭᠡᠢ ᠪᠠᠬᠢᠵᠢᠭᠦᠯᠬᠦ ᠬᠡᠷᠡᠭᠲᠡᠢ︔ ᠠᠷᠠᠳ ᠤᠯᠠᠨ ᠤ ︽ᠪᠠᠴᠢᠮ ᠬᠦᠴᠢᠷ ᠵᠣᠪᠠᠭᠤᠷᠢ︾ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠨ᠎ᠠ᠃      ᠬᠤᠷᠠᠯ ᠠᠴᠠ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠲᠥᠰᠦᠯ︾ ᠢ ᠰᠤᠳᠤᠯᠤᠨ ᠪᠠᠲᠤᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号