ᠱᠢ ᠵᠥᠩ ᠴᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ 13 ᠳ᠋ᠤᠭᠠᠷ ᠤᠳᠠᠭ᠎ᠠ ᠶᠢᠨ ᠬᠤᠷᠠᠯ ᠵᠢᠴᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾  ᠦᠢᠯᠡᠳᠦᠯᠭᠡ ᠶᠢᠨ ᠠᠵᠢᠯᠯᠠᠭ᠎ᠠ ᠶᠢᠨ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/23
     9 ᠰᠠᠷ᠎ᠠ ᠶᠢᠨ 17 ᠤ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ  ᠬᠤᠰᠢᠭᠤᠨ ᠲᠠᠷᠤᠭ᠎ᠠ‌‍ᠱᠢ ᠵᠥᠩ ᠴᠢᠨ ᠳᠠᠷᠬᠠᠨ  ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ 13 ᠳ᠋ᠤᠭᠠᠷ ᠤᠳᠠᠭᠠᠨ ᠤ ᠬᠤᠷᠠᠯ ᠵᠢᠴᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ︾ ᠦᠶ᠋ᠯᠡᠳᠦᠯᠭᠡ ᠶᠢᠨ ᠠᠵᠢᠯᠯᠠᠭ᠎ᠠ ᠶᠢᠨ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠨᠠᠮ ᠤᠨ ᠲᠡᠦᠬᠡ ᠶᠢ ᠤᠯᠠᠮᠵᠢᠯᠠᠨ ᠰᠤᠷᠤᠯᠴᠠᠬᠤ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠠᠴᠠ ᠳᠠᠷᠤᠮᠠᠯᠯᠠᠨ ᠲᠠᠷᠬᠠᠭᠠᠪᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠠᠬᠢᠭᠤᠯᠬᠤ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠲᠤᠰᠬᠠᠶ ᠰᠡᠳᠦᠪᠲᠦ ᠲᠣᠬᠢᠷᠠᠭᠤᠯᠬᠤ ᠬᠤᠷᠠᠯ᠂ ᠪᠤᠭᠤᠲᠤ ᠬᠤᠲᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠷᠪᠠᠨ ᠨᠢᠭᠡᠳᠦᠭᠡᠷ ᠤᠳᠠᠭᠠᠨ ᠤ ᠠᠬᠢᠭᠤᠯᠬᠤ ᠬᠤᠷᠠᠯ ᠵᠢᠴᠢ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠲᠤᠰᠬᠠᠶ ᠰᠡᠳᠦᠪᠲᠦ ᠲᠣᠬᠢᠷᠠᠭᠤᠯᠬᠤ ᠬᠤᠷᠠᠯ ᠤᠨ ᠵᠣᠷᠢᠭ ᠰᠠᠨᠠᠭ᠎ᠠ᠂ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠶ᠋ᠯᠡᠳᠦᠯᠭᠡ ᠶᠢᠨ ᠠᠵᠢᠯᠯᠠᠭ᠎ᠠ ᠶᠢᠨ ᠬᠠᠮᠢᠶ᠎ᠠ ᠪᠥᠬᠦᠶ ᠠᠵᠢᠯ ᠢ ᠰᠤᠳᠤᠯᠤᠨ ᠠᠬᠢᠭᠤᠯᠤᠨ᠎ᠠ᠃
     ᠬᠤᠷᠠᠯ ᠠᠴᠠ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠪᠣᠯ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠦᠬᠦ ᠶᠠᠪᠤᠴᠠ ᠳᠤ ᠲᠤᠤᠱᠯᠠᠭᠳᠠᠬᠤ ᠴᠢᠬᠤᠯᠠ ᠠᠭᠤᠯᠭ᠎ᠠ ᠮᠥᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠬᠡᠮᠵᠢᠬᠦ ᠴᠢᠬᠤᠯᠠ ᠪᠠᠷᠢᠮᠵᠢᠶ᠎ᠠ ᠮᠥᠨ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ︾ ᠦᠶ᠋ᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠬᠡᠷᠡᠭᠲᠡᠶ᠃       ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠦᠬᠦ ᠵᠢᠯ ᠳᠤ ᠲᠤᠤᠱᠯᠠᠭᠤᠯᠬᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠠ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠨ᠎ᠠ᠃ ︽ᠲᠠᠪᠤᠨ ᠬᠦᠴᠦ ᠲᠠᠯᠪᠢᠬᠤ ︾ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ︽ᠭᠤᠷᠪᠠ ᠶᠢ ᠠᠰᠠᠭᠤᠬᠤ ᠠᠵᠢᠯᠯᠠᠭ᠎ᠠ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠯᠠᠨ ᠲᠦᠮᠡᠨ ᠤ ᠲᠤᠰᠬᠠᠯ ᠲᠥᠪᠯᠡᠷᠡᠭᠰᠡᠨ ᠠᠰᠠᠭᠤᠳᠠᠯ᠂ ᠬᠥᠭᠵᠢᠯᠲᠡ ᠶᠢᠨ ᠪᠠᠴᠢᠮ ᠰᠢᠶ᠋ᠳᠪᠦᠷᠢᠯᠡᠬᠦ ᠴᠢᠬᠤᠯᠠᠲᠠᠶ ᠠᠰᠠᠭᠤᠳᠠᠯ᠂ ᠣᠷᠳᠣ ᠬᠤᠭᠤᠴᠠᠭ᠎ᠠ ᠪᠠᠷ  ᠰᠢᠢᠳᠪᠦᠷᠢᠯᠡᠵᠦ ᠳᠡᠶᠢᠯᠦᠭᠡᠳᠦᠶ ᠦᠯᠡᠳᠡᠭᠳᠡᠯ ᠠᠰᠠᠭᠤᠳᠠᠯ ᠢ ᠭᠦᠨᠵᠡᠭᠡᠶ ᠡᠷᠢᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ ᠪᠣᠳᠠᠲᠠᠶ ᠪᠠᠷ ᠬᠢᠬᠦ ᠪᠠᠷ ᠴᠢᠷᠮᠠᠶᠢᠬᠤ ᠬᠡᠷᠡᠭᠲᠡᠶ᠃ ᠲᠦᠷᠦᠯ ᠵᠦᠢᠯ ᠤᠨ ᠨᠠᠷᠢᠨ ᠲᠠᠩᠰᠠ ᠶᠢᠨ ᠬᠥᠳᠡᠯᠦᠩᠭᠦᠢ ᠬᠠᠮᠢᠶᠠᠷᠤᠯᠲᠠ ᠶᠢ ᠨᠠᠶᠢᠳᠠᠪᠤᠷᠢᠵᠢᠭᠤᠯᠵᠤ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠬᠠᠮᠲᠤ ᠪᠠᠷ ᠶᠠᠷᠢᠯᠴᠠᠬᠤ᠂ ᠠᠷᠠᠳ ᠤᠨ ᠰᠠᠨᠠᠭ᠎ᠠ ᠶᠢ ᠪᠠᠶᠢᠴᠠᠭᠠᠬᠤ᠂ ᠰᠠᠨᠠᠯ ᠬᠤᠷᠢᠶᠠᠬᠤ ᠵᠡᠷᠭᠡ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠲᠤᠷᠰᠢᠯᠭ᠎ᠠ ᠪᠠᠨ ᠳ᠋ᠦᠩᠨᠡᠵᠦ ᠠᠷᠭ᠎ᠠ ᠬᠢᠳᠡᠯ ᠢ ᠲᠦᠷᠢᠮ ᠲᠣᠭᠲᠠᠴᠠ ᠪᠣᠯᠭᠠᠨ ᠲᠣᠭᠲᠠᠪᠤᠷᠢᠵᠢᠭᠤᠯᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠦᠷ᠎ᠡ ᠪᠦᠲᠦᠮᠵᠢ ᠶᠢ ᠲᠠᠰᠤᠷᠠᠯᠳᠡ ᠦᠭᠡᠢ ᠪᠠᠬᠢᠵᠢᠭᠦᠯᠬᠦ ᠬᠡᠷᠡᠭᠲᠡᠢ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号