ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠥᠨᠥᠳᠦᠷ᠂ ᠨᠢᠭᠡᠨ ᠤᠳᠠᠭᠠᠨ ᠤ ᠬᠠᠮᠲᠤ ᠶᠢᠨ ᠪᠠᠶᠢᠭᠤᠯᠤᠯᠲᠠ ᠶᠢᠨ ᠠᠵᠢᠯᠯᠠᠭ᠎ᠠ ᠠᠳᠡ ᠶᠠᠪᠤᠭᠳᠠᠪᠠ ᠁
ᠨᠡᠶᠢᠲᠡᠯᠡᠭᠰᠡᠨ ᠴᠠᠭ᠄
2021/9/27
     9 ᠰᠠᠷ᠎ᠠ ᠶᠢᠨ 24 ᠤ ᠦᠳᠡ ᠶᠢᠨ ᠡᠮᠦᠨ᠎ᠡ᠂ ︽ᠦᠨᠳᠦᠰᠦᠲᠡᠨ ᠤ ᠪᠦᠯᠬᠦᠮᠳᠡᠯ ᠤᠨ ᠰᠡᠳᠬᠢᠯ ᠢ ᠨᠢᠭᠲᠠᠷᠠᠭᠤᠯᠵᠤ ᠬᠦᠴᠦᠨ ᠢ ᠨᠢᠭᠲᠠᠷᠠᠭᠤᠯᠬᠤ · ᠪᠣᠬᠢᠷᠲᠤᠯ ᠦᠭᠡᠢ ᠬᠥᠭᠵᠢᠯᠲᠡ ᠪᠠᠷ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠠᠶᠢᠬᠤ︾ ᠪᠠᠷ ᠭᠤᠣᠯ ᠰᠡᠳᠦᠪ ᠪᠣᠯᠭᠠᠭᠰᠠᠨ ᠬᠠᠮᠲᠤᠪᠠᠷ ᠪᠠᠶᠢᠭᠤᠯᠵᠤ ᠬᠠᠮᠲᠤᠪᠠᠷ ᠬᠤᠯᠪᠣᠭᠠᠯᠠᠬᠤ ᠠᠵᠢᠯᠯᠠᠭ᠎ᠠ ᠯᠦᠩ ᠶᠤᠸᠠᠨ ᠥᠪᠥᠷ ᠮᠣᠩᠭᠤᠯ ᠤᠨ ᠺᠣᠮᠫᠠᠨᠢ ᠶᠢᠨ ᠪᠤᠭᠤᠲᠤ ᠶᠢᠨ ᠸᠧᠳᠧ ᠰᠠᠯᠬᠢᠨ ᠬᠦᠴᠦᠨ ᠤ ᠴᠠᠬᠢᠯᠭᠠᠨ ᠤ ᠲᠠᠯᠠᠪᠠᠢ ᠳᠤ ᠶᠠᠪᠤᠭᠳᠠᠪᠠ᠃ ᠥᠪᠥᠷ ᠮᠣᠩᠭᠤᠯ ᠤᠨ ᠯᠦᠩ ᠶᠤᠸᠠᠨ ᠰᠢᠨ᠎ᠡ ᠡᠨᠧᠷᠭᠢ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠶᠡᠷᠦᠩᠬᠡᠶ ᠳᠠᠭᠠᠭᠠᠮᠠᠯ ᠰᠦᠨ ᠬᠤᠤ᠂ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠡᠪᠯᠡᠯ ᠤᠨ ᠬᠤᠰᠢᠭᠤᠨ ᠤ ᠨᠠᠮ ᠤᠨ ᠬᠤᠷᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂  ᠮᠢᠩᠭᠠᠨ ᠪᠠᠯᠭᠠᠰᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃
     ᠠᠵᠢᠯᠯᠠᠭ᠎ᠠ ᠡᠬᠢᠯᠡᠬᠦ ᠠᠴᠠ ᠡᠮᠦᠨ᠎ᠡ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠳᠠᠭᠠᠭᠤᠯᠭ᠎ᠠ ᠪᠠᠷ᠂ ᠬᠤᠷᠠᠯ ᠳᠤ ᠣᠷᠣᠯᠴᠠᠭᠰᠠᠳ ᠰᠠᠯᠬᠢᠨ ᠬᠦᠴᠦᠨ ᠤ ᠴᠠᠬᠢᠯᠭᠠᠨ ᠤ ᠲᠠᠯᠠᠪᠠᠢ ᠶᠢᠨ ᠦᠢᠯᠡᠳᠪᠦᠷᠢ ᠶᠢᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠳᠣᠲᠣᠭᠠᠳᠤ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠣᠶᠢᠯᠠᠭᠠᠪᠠ᠃ ᠡᠨᠡ ᠬᠦ ᠠᠵᠢᠯᠯᠠᠭ᠎ᠠ ᠨᠢ ︽ᠡᠪ ᠬᠠᠮᠲᠤ ᠨᠠᠮ ᠪᠠᠶᠢᠬᠤ ᠦᠭᠡᠶ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠶ︾ ᠭᠡᠰᠡᠨ ᠬᠠᠩᠭᠢᠨᠠᠮ᠎ᠠ ᠳᠠᠭᠤᠤ ᠶᠢᠨ ᠳᠤᠮᠳᠠ ᠬᠥᠰᠢᠭᠡ ᠪᠠᠨ ᠰᠡᠬᠦᠪᠡ᠃ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠬᠤᠤ ᠮᠤᠤ ᠱᠧᠩ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠤᠪᠢ ᠬᠥᠮᠦᠨ᠂ ᠳᠣᠯᠣᠳᠤᠭᠠᠷ ᠬᠤᠭᠤᠴᠠᠭᠠᠨ ᠤ ᠪᠦᠭᠦ ᠤᠯᠤᠰ ᠤᠨ ᠦᠨᠡᠨᠴᠢ ᠢᠲᠡᠭᠡᠮᠵᠢᠲᠡᠢ ᠶᠣᠰᠣ ᠰᠤᠷᠲᠠᠬᠤᠨ ᠤ ᠵᠢᠱᠢᠶᠡᠴᠢ ᠠᠳᠢᠶ᠎ᠠ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠲᠠᠶᠢᠯᠪᠤᠷᠢᠯᠠᠵᠤ ᠂ ᠲᠤᠬᠠᠢ ᠶᠢᠨ ᠲᠠᠯᠠᠪᠠᠢ ᠳᠤ ᠰᠣᠨᠣᠰᠤᠭᠴᠢᠳ ᠤᠨ ᠰᠡᠳᠬᠢᠯ ᠢ ᠬᠥᠳᠡᠯᠭᠡᠵᠦ᠂ ᠬᠥᠮᠦᠵᠢᠯ ᠢ ᠭᠦᠨ ᠬᠦᠷᠳᠡᠵᠠᠢ᠃ ᠳᠠᠷᠠᠭ᠎ᠠ ᠪᠠᠷ ᠨᠢ᠂ ᠪᠥᠬᠦ ᠬᠥᠮᠦᠰ ᠥᠪᠥᠷ ᠮᠣᠩᠭᠤᠯ ᠤᠨ ᠯᠦᠩ ᠶᠤᠸᠠᠨ ᠰᠢᠨ᠎ᠡ ᠡᠨᠧᠷᠭᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠥᠷᠨᠢᠭᠦᠯᠦᠭᠰᠡᠨ ︽ᠴᠢ ᠬᠦᠴᠢᠷᠳᠡᠯ ᠲᠠᠢ ᠪᠣᠯ ᠴᠢ ᠨᠠᠳᠠ ᠶᠢ ᠡᠷᠢ · ᠪᠢ ᠪᠣᠯ ᠨᠠᠮ ᠤᠨ ᠭᠡᠰᠢᠭᠦᠨ ᠮᠥᠨ᠂ ᠪᠢ ᠴᠢᠮᠠᠳᠤ ᠬᠠᠪᠰᠤᠷᠤᠨ᠎ᠠ︾᠂ ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ᠂ ᠯᠸᠢ  ᠹᠧᠩ ᠠᠴᠠ ᠰᠤᠷᠤᠯᠴᠠᠵᠤ ᠲᠠᠷᠢᠶᠠᠯᠠᠩ ᠢ ᠬᠠᠪᠰᠤᠷᠤᠨ ᠪᠠᠶᠠᠵᠢᠭᠤᠯᠬᠤ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯᠯᠠᠭ᠎ᠠ ᠶᠢᠨ ᠲᠤᠰᠬᠠᠶ ᠰᠡᠳᠦᠪᠲᠦ ᠹᠢᠯᠢᠮ ᠢ ᠦᠵᠡᠪᠡ᠃ ᠠᠵᠢᠯᠯᠠᠭ᠎ᠠ ᠶᠢᠨ ᠳᠤᠮᠳᠠ ᠪᠠᠰᠠ ᠶᠠᠳᠠᠭᠤ ᠬᠦᠴᠢᠷᠳᠡᠯᠲᠡᠢ ᠤᠯᠠᠨ ᠲᠦᠮᠡᠨ ᠤ ᠲᠥᠯᠥᠭᠡᠯᠡᠭᠴᠢᠳ ᠲᠤ ᠲᠣᠬᠤᠨᠢᠭᠤᠯᠬᠤ ᠪᠣᠳᠠᠰ ᠬᠦᠷᠭᠡᠵᠦ᠂ ᠠᠵᠢᠯᠯᠠᠭ᠎ᠠ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠪᠣᠯᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠠᠯᠠᠪᠠᠢ ᠶᠢᠨ ᠠᠵᠢᠯᠲᠠᠳ ᠤᠨ ᠭᠤᠶᠢᠳᠠ ᠰᠠᠶᠢᠬᠠᠨ ᠲᠣᠭᠯᠠᠯᠲᠠ ᠳᠤ ᠥᠨᠳᠥᠷᠯᠡᠪᠡ᠃
     ᠲᠣᠰ ᠤᠳᠠᠭᠠᠨ ᠤ ᠬᠠᠮᠲᠤ ᠪᠠᠷ ᠪᠠᠶᠢᠭᠤᠯᠵᠤ ᠬᠠᠮᠲᠤ ᠪᠠᠷ ᠬᠤᠯᠪᠣᠭᠠᠯᠠᠬᠤ ᠠᠵᠢᠯᠯᠠᠭ᠎ᠠ ᠶᠢ ᠥᠷᠨᠢᠭᠦᠯᠬᠦ ᠳᠤ ᠤᠬᠠᠭᠤᠯᠭ᠎ᠠ ᠬᠥᠮᠦᠵᠢᠯ᠂ ᠶᠠᠷᠢᠯᠴᠠᠨ ᠰᠣᠯᠢᠯᠴᠠᠬᠤ᠂ ᠵᠢᠱᠢᠶᠡᠴᠢ ᠮᠡᠳᠡᠭᠦᠯᠦᠯᠲᠡ᠂ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠵᠡᠷᠭᠡ ᠣᠯᠠᠨ  ᠵᠦᠢᠯ ᠤᠨ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠣᠶᠤᠨ ᠤ ᠪᠣᠯᠪᠠᠰᠤᠨ ᠤ ᠠᠮᠢᠳᠤᠷᠠᠯ ᠢ ᠪᠠᠶᠠᠯᠢᠭᠵᠢᠭᠤᠯᠤᠭᠰᠠᠨ ᠮᠥᠷᠲᠡᠭᠡᠨ ᠪᠠᠰᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠶᠠᠪᠤᠳᠠᠯ ᠢ ᠠᠵᠢᠯᠲᠠᠨ ᠠᠵᠢᠯᠴᠢᠨ ᠤ ᠰᠡᠳᠬᠢᠯ ᠳᠤ ᠭᠦᠨ ᠬᠠᠳᠠᠩᠰᠢᠭᠤᠯᠵᠤ᠂ ᠠᠵᠤ ᠠᠬᠤᠶᠢᠯᠠᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号