9 ᠰᠠᠷ᠎ᠠ ᠶᠢᠨ 23 ᠤ ᠡᠳᠦᠷ᠂ ᠱᠢ ᠪᠦᠦ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠮᠠᠰᠢ ᠬᠥᠷ | ᠬᠥᠭᠵᠢᠶᠡᠨ ᠲᠠᠢ ᠪᠠᠶᠢᠯ᠎ᠠ᠂ ᠳᠠᠷᠬᠠᠨ ᠮᠤᠤᠮᠢᠩᠭᠠᠨ ᠬᠤᠰᠢᠭᠤᠨ ᠤ ︽ᠪᠢ ᠣᠯᠠᠨ ᠲᠦᠮᠡᠨ ᠳᠤ ᠪᠣᠳᠠᠲᠠᠶ ᠠᠵᠢᠯ | ᠬᠢᠵᠦ ᠥᠭᠭᠦᠶ᠎ᠡ — ᠪᠢ ᠲᠠᠨ ᠳᠤ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠨ᠎ᠠ ︿ᠭᠤᠷᠪᠠ ᠶᠢ ᠬᠥᠳᠡᠭᠡ | ᠪᠠᠭᠤᠯᠭᠠᠬᠤ﹀ ᠠᠵᠢᠯᠯᠠᠭ᠎ᠠ ᠶᠠᠭ ᠠᠳᠡ ᠶᠠᠪᠤᠭᠳᠠᠵᠤ ᠪᠣᠶ᠃ | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠰᠢᠨᠵᠢᠯᠡᠬᠦ ᠤᠬᠠᠭᠠᠨ ᠮᠡᠷᠭᠡᠵᠢᠯ ᠪᠣᠯᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠤᠪᠴᠢᠶ᠎ᠠ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ ︽ᠰᠢᠨᠵᠢᠯᠡᠬᠦ ᠤᠬᠠᠭᠠᠨ ᠮᠡᠷᠭᠡᠵᠢᠯ ᠤᠨ ᠬᠠᠮ ᠲᠡᠷᠭᠡ︾ | ᠸᠢᠳᠢᠣ᠋ ᠪᠠᠷ ᠤᠬᠠᠭᠤᠯᠬᠤ᠂ ᠷᠠᠳᠢᠣ᠋ ᠨᠡᠪᠲᠡᠷᠡᠭᠦᠯᠭᠡ ᠪᠠᠷ ᠤᠬᠠᠭᠤᠯᠬᠤ᠂ ᠤᠬᠠᠭᠤᠯᠭ᠎ᠠ ᠶᠢᠨ ᠬᠠᠭᠤᠳᠠᠰᠤ ᠪᠣᠯᠤᠨ | ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠬᠡᠯᠪᠡᠷᠢ ᠪᠠᠷ ᠠᠷᠠᠳ ᠤᠯᠠᠨ ᠳᠤ ᠮᠠᠯ ᠠᠵᠤ ᠠᠬᠤᠢ | ᠲᠠᠷᠢᠶᠠᠯᠠᠩ ᠤᠨ ᠲᠦᠷᠦ ᠶᠢᠨ ᠪᠤᠳᠤᠯᠭ᠎ᠠ᠂ ᠳᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠠᠶᠤᠯᠭᠦᠢ ᠦᠢᠯᠡᠳᠪᠦᠷᠢᠯᠡᠯ ᠵᠡᠷᠭᠡ | ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠡᠢ᠃ | | ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠪᠠᠰᠠ ᠰᠠᠭᠤᠭᠠᠯᠢ ᠠᠷᠠᠳ ᠲᠤ ᠵᠣᠬᠢᠴᠠᠩᠭᠤᠶ | ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠵᠤ᠂ ᠥᠷᠭᠡᠨ ᠣᠯᠠᠨ ᠠᠵᠢᠯ ᠡᠷᠢᠭᠰᠡᠳ ᠪᠠ ᠬᠥᠮᠦᠨ ᠬᠡᠷᠡᠭᠯᠡᠬᠦ | ᠨᠢᠭᠡᠴᠡ ᠳᠤ ᠬᠤᠤᠰ ᠰᠣᠩᠭᠤᠯᠲᠠ ᠶᠢᠨ ᠲᠥᠬᠦᠮ ᠲᠠᠪᠴᠠᠩ ᠢ ᠢᠳᠡᠪᠬᠢᠲᠡᠶ ᠪᠠᠶᠢᠭᠤᠯᠵᠤ ᠥᠭᠭᠦᠭᠰᠡᠨ ᠪᠠᠶᠢᠨ᠎ᠠ᠃ ︽ | ᠲᠠᠯ᠎ᠠ ᠨᠤᠲᠤᠭ ᠤᠨ ᠰᠤᠷᠤᠯᠴᠠᠯᠭ᠎ᠠ ᠶᠢᠨ ᠬᠦᠩᠬᠡᠨ ᠮᠣᠷᠢᠲᠤ ᠴᠡᠷᠢᠭ︾ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ | ᠠᠩᠬᠢ ᠶᠢᠨ ᠬᠢᠨ ᠱᠢ ᠪᠦᠦ ᠪᠠᠯᠭᠠᠰᠤᠨ ᠤ ᠰᠠᠭᠤᠭᠠᠯᠢ ᠠᠷᠠᠳ ᠢ ᠳᠠᠭᠠᠭᠤᠯᠤᠨ ᠶᠡᠷᠦᠩᠬᠡᠢ ᠱᠦᠵᠢ ᠰᠢ ᠶᠢᠨ ᠫᠢᠩ ᠤᠨ | ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ | ᠠᠷᠠᠳ ᠤᠯᠠᠨ ᠤ ᠰᠡᠳᠬᠢᠯ ᠳᠤ ᠭᠦᠨ ᠬᠠᠳᠠᠩᠰᠢᠭᠤᠯᠵᠠᠢ᠃ ᠱᠢ ᠪᠦᠦ ᠰᠠᠭᠤᠭᠠᠯᠢ ᠠᠷᠠᠳ ᠤᠨ ᠠᠮᠢᠳᠤᠷᠠᠯ ᠳᠤ ᠨᠠᠩ | ᠲᠥᠬᠦᠮ ᠦᠵᠡᠭᠦᠯᠬᠦ ᠶᠢᠨ ᠲᠥᠯᠥᠭᠡ᠂ ᠮᠠᠨ ᠤ ᠬᠤᠰᠢᠭᠤᠨ ᠤ ᠡᠯ᠎ᠡ ᠲᠠᠯ᠎ᠠ ᠶᠢᠨ ᠮᠡᠳᠡᠭᠡ ᠵᠠᠩᠭᠢ ᠶᠢ ᠴᠠᠭ | ᠲᠤᠬᠠᠶ ᠳᠤᠨᠢ ᠣᠶᠢᠯᠠᠭᠠᠬᠤ ᠶᠢᠨ ᠲᠥᠯᠥᠭᠡ᠂ ᠬᠠᠮ ᠵᠠᠭᠤᠴᠢᠯᠠᠭᠤᠷ ᠤᠨ ᠲᠥᠪ ᠠᠴᠠ ᠪᠠᠰᠠ ᠲᠤᠬᠠᠶ ᠶᠢᠨ | ᠲᠠᠯᠠᠪᠤᠷ ᠲᠤ ᠵᠠᠭᠤᠴᠢᠯᠠᠭᠤᠷ ᠤᠨ ᠵᠥᠭᠡᠯᠡᠨ ᠲᠣᠨᠤᠭ ᠢ ᠳᠡᠯᠭᠡᠷᠡᠭᠦᠯᠵᠦ᠂ ᠤᠭᠰᠠᠷᠠᠬᠤ ᠶᠠᠪᠤᠴᠠ ᠶᠢ ᠨᠠᠷᠢᠨ | ᠲᠣᠳᠣᠷᠬᠠᠶ ᠦᠵᠡᠭᠦᠯᠦᠭᠰᠡᠨ ᠪᠠᠶᠢᠨ᠎ᠠ᠃ | | ᠡᠮᠨᠡᠯᠭᠡ ᠶᠢᠨ ᠬᠤᠷᠢᠶᠠᠨ ᠳᠤ᠂ ᠱᠢ ᠪᠦᠦ ᠪᠠᠯᠭᠠᠰᠤᠨ ᠤ ᠡᠷᠡᠭᠦᠯ ᠬᠠᠮᠠᠭᠠᠯᠠᠯ ᠤᠨ ᠭᠠᠵᠠᠷ ᠪᠣᠯᠤᠨ | ᠮᠣᠩᠭᠤᠯ ᠡᠮᠨᠡᠯᠭᠡ ᠶᠢᠨ ᠬᠤᠷᠢᠶᠠᠨ ᠤ ᠡᠮᠴᠢ ᠨᠡᠷ ᠠᠷᠠᠳ ᠢᠷᠭᠡᠳ ᠲᠤ ᠦᠨ᠎ᠡ ᠲᠥᠯᠥᠪᠦᠷᠢ ᠦᠭᠡᠢ ᠪᠠᠷ ᠴᠢᠰᠤᠨ | ᠳᠠᠷᠤᠯᠲᠠ ᠶᠢᠨ ᠬᠡᠮᠵᠢᠯᠲᠡ᠂ B ᠬᠡᠳᠦ ᠳᠣᠯᠭᠢᠶᠠᠨ ᠪᠣᠯᠤᠨ ᠵᠢᠷᠦᠬᠡᠨ ᠤ ᠯᠤᠭᠰᠢᠯᠲᠠ ᠶᠢᠨ ᠵᠢᠷᠤᠭ ᠤᠨ ᠪᠠᠶᠢᠴᠠᠭᠠᠯᠲᠠ | ᠵᠡᠷᠭᠡ ᠲᠦᠷᠦᠯ ᠵᠦᠢᠯ ᠤᠨ ᠪᠡᠶ᠎ᠡ ᠶᠢᠨ ᠪᠠᠶᠢᠴᠠᠭᠠᠯᠲᠠ ᠬᠢᠵᠦ᠂ ᠪᠤᠭᠤᠲᠤ ᠬᠤᠳᠠ ᠶᠢᠨ ᠬᠤᠶᠠᠳᠤᠭᠠᠷ ᠡᠮᠨᠡᠯᠭᠡ ᠶᠢᠨ | ᠬᠤᠷᠢᠶᠠᠨ ᠤ ᠲᠤᠰᠬᠠᠢ ᠮᠡᠷᠭᠡᠵᠢᠯᠲᠡᠳ ᠪᠠᠰᠠ ᠠᠷᠠᠳ ᠢᠷᠭᠡᠳ ᠲᠤ ᠦᠨ᠎ᠡ ᠲᠥᠯᠥᠪᠦᠷᠢ ᠦᠭᠡᠢ ᠪᠠᠷ ᠠᠯᠪᠠᠨ | ᠵᠢᠷᠤᠮ ᠤᠨ ᠡᠮᠴᠢᠯᠡᠭᠡ ᠬᠢᠵᠦ᠂ ᠲᠤᠰᠬᠠᠢ ᠮᠡᠷᠭᠡᠵᠢᠯᠲᠡᠳ ᠰᠤᠳᠠᠯ ᠪᠠᠷᠢᠵᠤ᠂ ᠲᠡᠳᠡᠨ ᠤ ᠡᠳᠦᠷ ᠲᠤᠳᠤᠮ ᠤᠨ ᠵᠠᠩ | ᠳᠠᠳᠬᠠᠯ ᠵᠢᠴᠢ ᠪᠡᠶ᠎ᠡ ᠶᠢᠨ ᠪᠠᠶᠢᠳᠠᠯ ᠢ ᠬᠦᠯᠢᠴᠡᠩᠭᠦᠢ ᠪᠠᠷ ᠠᠰᠠᠭᠤᠬᠤ ᠶᠢᠨ ᠬᠠᠮᠲᠤ ᠡᠪᠡᠳᠴᠢᠨ ᠤ ᠪᠠᠶᠢᠳᠠᠯ ᠳᠤ | ᠴᠢᠭᠯᠡᠭᠦᠯᠦᠨ ᠲᠤᠰᠬᠠᠢ ᠮᠡᠷᠭᠡᠵᠢᠯ ᠤᠨ ᠴᠢᠨᠠᠷᠲᠠᠢ ᠣᠨᠣᠰᠢᠯᠠᠯᠲᠠ ᠬᠢᠵᠡᠢ᠃ ᠡᠮᠨᠡᠯᠭᠡ ᠶᠢᠨ ᠠᠵᠢᠯᠲᠠᠳ ᠤᠨ | ᠬᠠᠯᠠᠭᠤᠮᠰᠤᠭ ᠨᠢᠮᠪᠠᠶ ᠦᠢᠯᠡᠴᠢᠯᠡᠭᠡ ᠨᠢ ᠤᠯᠠᠨ ᠲᠦᠮᠡᠨ ᠤ ᠲᠠᠭᠠᠰᠢᠶᠠᠯ ᠢ ᠣᠯᠤᠭᠰᠠᠨ ᠪᠠᠶᠢᠨ᠎ᠠ᠃ | | | | | | | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠪᠢ ᠴᠢᠮᠠᠶᠢ ᠬᠠᠪᠰᠤᠷᠬᠤ︾ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠨᠢ ᠳᠥᠷᠪᠡᠨ ᠲᠥᠪ ᠬᠤᠯᠪᠣᠭᠠᠯᠠᠨ ᠬᠥᠳᠡᠯᠦᠯᠴᠡᠬᠦ᠂ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ ᠤᠨ ︽ᠴᠡᠭ ᠲᠠᠩ ᠬᠡᠯᠪᠡᠷᠢ︾ ︽ᠬᠡᠷ ᠲᠤᠨᠢ ᠬᠥᠷᠬᠦ ᠬᠡᠯᠪᠡᠷᠢ︾ ᠶᠢᠨ ᠦᠢᠯᠡᠴᠢᠯᠡᠭᠡ᠂ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶ ᠤᠨ ᠠᠵᠢᠯᠲᠠᠨ ᠢ ᠭᠥᠯᠢᠶᠡᠨ | ᠠᠪᠴᠤ ᠰᠢᠢᠳᠪᠦᠷᠢᠯᠡᠬᠦ ᠵᠢᠴᠢ ᠰᠦᠯᠵᠢᠶᠡᠨ ᠤ ᠠᠵᠢᠯᠲᠠᠨ ᠢ ᠰᠤᠷᠪᠤᠯᠵᠢᠯᠠᠬᠤ᠂ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠲᠥᠪ ᠤᠨ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠠᠷᠭ᠎ᠠ ᠮᠠᠶ᠋ᠢᠭ ᠢᠶᠠᠷ | ᠳᠡᠮᠵᠢᠵᠦ᠂ ᠤᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠬᠢᠬᠦ ᠳᠤ ᠬᠦᠴᠢᠷᠲᠡᠶ᠂ ᠠᠵᠢᠯ ᠶᠠᠪᠤᠳᠠᠯ | ᠬᠢᠬᠦ ᠳᠤ ᠪᠤᠳᠤᠯᠢᠶᠠᠨᠲᠠᠶ᠂ ᠠᠵᠢᠯ ᠶᠠᠪᠤᠳᠠᠯ ᠬᠢᠬᠦ ᠳᠤ ᠤᠳᠠᠭᠠᠨ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠵᠦ᠂ | ᠪᠣᠯᠪᠠᠰᠤᠨ᠂ ᠴᠢᠨᠠᠷ ᠰᠠᠶᠢᠲᠠᠶ᠂ ᠪᠤᠰᠢᠭᠤ ᠲᠦᠷᠭᠡᠨ᠂ ᠥᠨᠳᠥᠷ ᠪᠦᠲᠦᠮᠵᠢᠲᠡᠶ ᠦᠢᠯᠡᠴᠢᠯᠡᠭᠡᠨ ᠤ ᠬᠡᠪ ᠵᠠᠭᠪᠤᠷ ᠢ | ᠡᠭᠦᠳᠦᠨ ᠪᠠᠶᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ | ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠵᠦ᠂ ᠠᠷᠠᠳ ᠤᠯᠠᠨ ᠤ ᠨᠢᠳᠤᠨ ᠳᠤ ᠦᠵᠡᠭᠳᠡᠬᠦ᠂ | ᠭᠠᠷ ᠲᠤ ᠪᠠᠷᠢᠭᠳᠠᠬᠤ᠂ ᠰᠡᠷᠡᠵᠦ ᠮᠡᠳᠡᠬᠦ ᠦᠨᠡᠨ ᠪᠣᠳᠠᠲᠠᠶ ᠠᠵᠢᠯ ᠢᠶᠠᠷ ᠪᠦᠬᠦ ᠰᠡᠳᠬᠢᠯ ᠪᠦᠬᠦ ᠵᠣᠷᠢᠭ ᠢᠶᠠᠷ ᠢᠶᠠᠨ | ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠰᠠᠶᠢᠲᠤᠷ ᠦᠢᠯᠡᠳᠦᠯᠭᠡᠵᠢᠭᠦᠯᠦᠨ᠎ᠡ᠃ | | | | | | |