ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠠᠮᠢᠶᠠᠷᠤᠯᠲᠠ ᠵᠢᠴᠢ ︽ᠱᠠᠯᠢᠭ ᠵᠠᠪᠬᠠᠶ ᠵᠦᠶ᠋ᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2021/9/27
     9 ᠰᠠᠷ᠎ᠠ ᠶᠢᠨ 26 ᠤ ᠡᠳᠦᠷ᠂ ᠳᠠᠷᠬᠠᠨ ᠮᠤᠤᠮᠢᠩᠭᠠᠨ ᠬᠤᠰᠢᠭᠤᠨ ᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠠᠮᠢᠶᠠᠷᠤᠯᠲᠠ ᠵᠢᠴᠢ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠪᠣᠯᠪᠠᠰᠤᠷᠠᠯ ᠤᠨ ᠠᠩᠭᠢ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠤᠷᠠᠯ ᠤᠨ ᠬᠡᠷ ᠲᠤ ᠰᠤᠷᠤᠯᠭ᠎ᠠ ᠡᠬᠢᠯᠡᠪᠡ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤᠨ ᠤ ᠤᠬᠠᠭᠤᠯᠭ᠎ᠠ ᠶᠢᠨ ᠭᠡᠰᠢᠭᠦᠨ᠂ ᠤᠬᠠᠭᠤᠯᠭ᠎ᠠ ᠶᠢᠨ ᠠᠵᠢᠯᠲᠠᠨ᠂ ᠰᠣᠶᠣᠯ ᠤᠨ ᠥᠷᠲᠡᠭᠡᠨ ᠤ ᠳᠠᠷᠤᠭ᠎ᠠ ᠵᠢᠴᠢ 84 ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠣᠮ ᠪᠢᠴᠢᠭ ᠬᠠᠮᠢᠶᠠᠷᠤᠭᠴᠢ ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠵᠠᠶ᠃
      ᠪᠣᠯᠪᠠᠰᠤᠷᠠᠯ ᠤᠨ ᠠᠩᠭᠢ ᠳᠤ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠲᠥᠰᠦᠯ ᠤᠨ ᠲᠤᠬᠠᠶ ᠨᠠᠷᠢᠨ ᠲᠠᠶᠢᠯᠤᠮᠵᠢ ᠬᠢᠭᠰᠡᠨ ᠪᠥᠭᠡᠳ ᠪᠤᠭᠤᠲᠤ ᠬᠤᠲᠠ ᠶᠢᠨ ᠲᠠᠯ᠎ᠠ ᠨᠤᠲᠤᠭ ᠤᠨ ᠨᠣᠮ ᠤᠨ ᠥᠷᠥᠭᠡ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠵᠢᠴᠢ ᠬᠠᠮᠢᠶᠠᠷᠤᠯᠲᠠ ᠶᠢᠨ ᠱᠠᠭᠠᠷᠳᠠᠯᠭ᠎ᠠ ᠶᠢ ᠤᠩᠰᠢᠪᠠ᠃ ᠪᠣᠯᠪᠠᠰᠤᠷᠠᠭᠤᠯᠤᠯ ᠳᠤ ᠪᠤᠭᠤᠲᠤ ᠬᠤᠲᠠ ᠶᠢᠨ ᠰᠢᠨᠬᠤᠸᠠ ᠨᠣᠮ ᠤᠨ ᠳᠡᠯᠭᠡᠭᠦᠷ ᠤᠨ ᠪᠣᠯᠪᠠᠰᠤᠷᠠᠭᠤᠯᠤᠯ ᠤᠨ ᠯᠧᠺᠲ᠋ᠣᠷ ᠱᠢ ᠶᠠ ᠨᠢᠩ ᠢ ᠣᠨᠴᠠᠭᠠᠶᠢᠯᠠᠨ ᠤᠷᠢᠵᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠠᠮᠢᠶᠠᠷᠤᠯᠲᠠ ᠶᠢᠨ ᠠᠷᠭ᠎ᠠ ᠶᠢᠨ ᠲᠤᠬᠠᠶ ᠲᠤᠰᠬᠠᠶ ᠰᠡᠳᠦᠪᠲᠦ ᠵᠢᠯᠣᠭᠤᠳᠣᠯᠭ᠎ᠠ ᠬᠢᠯᠭᠡᠵᠡᠶ᠃ ᠪᠣᠯᠪᠠᠰᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠦᠨᠳᠦᠰᠦᠨ ᠱᠠᠲᠤᠨ ᠤ ᠰᠣᠶᠣᠯ ᠤᠨ ᠵᠢᠭᠰᠠᠭᠠᠯ ᠤᠨ ᠭᠠᠵᠠᠷ ᠤᠨ ᠦᠶ᠋ᠯᠡᠳᠦᠯ ᠢ  ᠬᠦᠢᠴᠡᠳ ᠪᠠᠳᠠᠷᠠᠭᠤᠯᠵᠤ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠠᠮᠢᠶᠠᠷᠤᠯᠲᠠ ᠶᠢ ᠲᠠᠰᠤᠷᠠᠯᠲᠠ ᠥᠬᠡᠶ ᠵᠢᠷᠤᠮᠵᠢᠭᠤᠯᠤᠨ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ  ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ ᠭᠡᠵᠡᠶ᠃      ᠡᠭᠦᠨ ᠤ ᠳᠠᠷᠠᠭᠠᠬᠢ ︽ᠱᠠᠯᠢᠭ ᠵᠠᠪᠬᠠᠶ  ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠶᠡᠷᠦ ᠶᠢᠨ ᠮᠡᠳᠡᠯᠭᠡ ᠶᠢᠨ ᠲᠠᠶᠢᠯᠤᠮᠵᠢ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠢᠯᠪᠠᠷ ᠣᠶᠢᠯᠠᠭᠠᠮᠵᠢᠲᠠᠶ ᠦᠭᠡ ᠬᠡᠯᠡᠨ ᠤ ᠰᠢᠰᠲ᠋ᠧᠮ ᠢᠶᠠᠷ ︽ᠱᠠᠯᠢᠭ ᠵᠠᠪᠬᠠᠶ  ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠶᠡᠷᠦ ᠶᠢᠨ ᠮᠡᠳᠡᠯᠭᠡ ᠶᠢᠨ ᠠᠭᠤᠯᠭ᠎ᠠ ᠶᠢ ᠲᠠᠶᠢᠯᠪᠤᠷᠢᠯᠠᠵᠤ᠂ ᠬᠤᠷᠠᠯ ᠳᠤ ᠣᠷᠣᠯᠴᠠᠭᠰᠠᠳ ᠤᠨ ︽ᠱᠠᠯᠢᠭ ᠵᠠᠪᠬᠠᠶ  ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠤᠨ ᠢᠯᠭᠠᠨ ᠲᠠᠨᠢᠬᠤ ᠴᠢᠳᠠᠪᠤᠷᠢ ᠶᠢ ᠴᠢᠩᠭᠠᠳᠬᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号