ᠪᠠᠲᠤᠬᠠᠭᠠᠯᠭ᠎ᠠ ᠶᠢᠨ  ᠰᠤᠮᠤ  ᠪᠠᠯᠭᠠᠰᠤ — ᠨᠠᠮᠤᠷ ᠤᠨ ᠬᠤᠭᠤᠰ ᠢ ᠪᠠᠶᠠᠷᠯᠠᠨ ᠤᠭᠲᠤᠵᠤ ᠳᠠᠭᠤᠯᠠᠨ ᠪᠥᠵᠢᠭᠯᠡᠵᠦ ᠡᠯᠪᠡᠭ ᠬᠤᠷᠢᠶᠠᠯᠲᠠ ᠪᠠᠨ ᠪᠡᠯᠭᠡᠯᠡᠶ᠎ᠡ
ᠨᠡᠶᠢᠲᠡᠯᠡᠭᠰᠡᠨ ᠴᠠᠭ᠄
2021/9/28
     ᠲᠠᠪᠤᠨ ᠲᠠᠷᠢᠶ᠎ᠠ ᠡᠯᠪᠡᠭ ᠬᠤᠷᠢᠶᠠᠯᠲᠠ ᠶᠢ ᠪᠡᠯᠭᠡᠯᠡᠵᠦ᠂ ᠭᠤᠸᠠ ᠵᠢᠮᠢᠰ ᠤᠨ ᠦᠨᠦᠷ ᠬᠠᠩᠬᠤᠯᠤᠨ ᠵᠣᠴᠢᠳ ᠢ ᠤᠭᠲᠤᠨ᠎ᠠ᠃ ᠨᠠᠮᠤᠷ ᠤᠨ ᠬᠤᠭᠤᠰ ᠤᠨ ᠤᠯᠠᠷᠢᠯ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠩᠷᠢ ᠨᠢ ᠥᠨᠳᠥᠷ ᠡᠭᠦᠯᠡ ᠨᠢ ᠨᠢᠮᠭᠡᠨ ᠪᠠᠶᠢᠵᠤ᠂ ᠡᠬᠡ ᠭᠠᠵᠠᠷ ᠲᠤ ᠠᠯᠲᠠᠨ ᠰᠢᠷᠭᠠᠯ ᠥᠩᠭᠡ ᠪᠠᠷ ᠪᠢᠯᠬᠠᠨ᠎ᠠ᠃ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠪᠠᠶᠠᠷᠯᠠᠨ ᠤᠭᠲᠤᠬᠤ ᠶᠢᠨ ᠲᠥᠯᠥᠭᠡ᠂ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠪᠡᠯᠭᠡᠯᠡᠬᠦ ᠲᠤᠬᠠᠶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠲᠤᠬᠠᠭᠠᠯᠭ᠎ᠠ ᠶᠢᠨ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠳᠦᠷᠰᠦ ᠪᠠᠶᠢᠳᠠᠯ᠂ ᠰᠢᠨ᠎ᠡ ᠳᠦᠷᠰᠦ ᠪᠠᠶᠢᠳᠠᠯ ᠢ ᠭᠦᠶ᠋ᠴᠡᠳ ᠳᠡᠯᠭᠡᠨ ᠦᠵᠡᠭᠦᠯᠵᠦ᠂ ᠠᠵᠢᠯ ᠬᠢᠵᠦ  ᠦᠢᠯᠡᠰ ᠴᠣᠭᠴᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ 9 ᠰᠠᠷ᠎ᠠ ᠶᠢᠨ 24 ᠤ ᠦᠳᠡ ᠶᠢᠨ ᠬᠤᠶᠢᠨ᠎ᠠ᠂ ᠪᠠᠲᠤᠬᠠᠭᠠᠯᠭ᠎ᠠ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ︽ᠡᠯᠪᠡᠭ ᠬᠤᠷᠢᠶᠠᠯᠲᠠ ᠶᠢ ᠪᠡᠯᠭᠡᠯᠡᠵᠦ᠂ ᠨᠠᠮ ᠤᠨ ᠠᠴᠢ ᠶᠢ ᠰᠠᠨᠠᠭᠠᠯᠵᠠᠬᠤ︾ ᠭᠤᠣᠯ ᠰᠡᠳᠦᠪᠲᠦ ᠲᠠᠷᠢᠶᠠᠴᠢᠨ ᠤ ᠡᠯᠪᠡᠭ ᠬᠤᠷᠢᠶᠠᠯᠲᠠ ᠶᠢᠨ ᠪᠠᠶᠠᠷ ᠤᠨ ᠠᠵᠢᠯᠯᠠᠭ᠎ᠠ ᠮᠠᠨ ᠤ ᠪᠠᠯᠭᠠᠰᠤᠨ ᠤ ᠬᠤᠸᠠᠩ ᠬᠤᠸᠠ ᠲᠠᠨ ᠲᠣᠰᠬᠤᠨ ᠳᠤ ᠦᠪᠡᠳᠡᠭᠰᠢ ᠶᠡᠬᠡᠪᠡᠷ ᠡᠬᠢᠯᠡᠵᠦ᠂ ᠡᠯᠪᠡᠭ ᠬᠤᠷᠢᠶᠠᠯᠲᠠ ᠶᠢᠨ ᠦᠷ᠎ᠡ ᠪᠦᠲᠦᠭᠡᠯ ᠢ ᠬᠠᠮᠲᠤᠪᠠᠷ ᠪᠡᠯᠭᠡᠯᠡᠵᠦ᠂ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠬᠠᠮᠲᠤᠪᠠᠷ ᠡᠳ᠋ᠯᠡᠨ᠎ᠡ᠃
      ᠲᠠᠷᠢᠶᠠᠨ ᠳᠠᠬᠢ ᠠᠯᠲᠠᠨ ᠰᠢᠷᠭᠠᠯ ᠡᠷᠳᠡᠨᠢ ᠰᠢᠰᠢ ᠶᠢᠨ ᠰᠢᠳᠠᠮ᠂ ᠲᠣᠬᠢᠯᠢᠭ ᠲᠥᠮᠥᠰᠥ ᠁᠃ ᠪᠠᠲᠤᠬᠠᠭᠠᠯᠭ᠎ᠠ ᠪᠠᠯᠭᠠᠰᠤᠨ ᠤ ᠬᠤᠸᠠᠩ ᠬᠤᠸᠠ ᠲᠠᠨ ᠲᠣᠰᠬᠤᠨ ᠤ ᠠᠷᠠᠳ ᠴᠥᠮ ᠡᠯᠪᠡᠭ ᠬᠤᠷᠢᠶᠠᠯᠲᠠ ᠶᠢᠨ ᠢᠨᠢᠶᠡᠳᠦ ᠪᠠᠷ ᠪᠢᠯᠬᠠᠵᠤ᠂ ᠡᠯᠪᠡᠭ ᠬᠤᠷᠢᠶᠠᠯᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠤ ᠣᠮᠣᠭᠰᠢᠯᠲᠠᠶ ᠦᠷ᠎ᠡ ᠪᠦᠲᠦᠭᠡᠯ ᠢᠶᠠᠨ ᠭᠠᠶᠢᠬᠠᠭᠤᠯᠵᠤ ᠪᠠᠶᠢᠯ᠎ᠠ᠃ ᠪᠠᠲᠤᠬᠠᠭᠠᠯᠭ᠎ᠠ ᠶᠢᠨ ᠪᠠᠯᠭᠠᠰᠤᠨ ᠤ ᠺᠠᠳ᠋ᠷ ᠠᠵᠢᠯᠳᠠᠨ ᠠᠵᠢᠯᠴᠢᠨ ᠴᠤ ᠬᠠᠳᠤᠵᠤ ᠬᠤᠷᠢᠶᠠᠬᠤ ᠬᠥᠳᠡᠯᠮᠦᠷᠢ ᠳᠤ ᠣᠷᠣᠯᠴᠠᠵᠤ᠂ ᠰᠢᠷ᠎ᠠ ᠲᠤᠰᠤᠯ ᠲᠥᠮᠥᠰᠥ ᠲᠠᠷᠢᠶᠠᠨ ᠠᠴᠠ ᠤᠷᠪᠠᠭᠤᠯᠤᠭᠳᠠᠨ ᠭᠠᠷᠴᠤ᠂ ᠶᠠᠭ ᠯᠠ ᠮᠥᠬᠦᠯᠢᠭ ᠠᠯᠳᠠᠨ ᠪᠤᠷᠴᠠᠭ ᠰᠢᠭ᠋ ᠢᠶᠠᠷ ᠬᠦᠬᠡ ᠲᠩᠷᠢ ᠴᠠᠭᠠᠨ ᠡᠭᠦᠯᠡᠨ ᠤ ᠳᠣᠣᠷ᠎ᠠ ᠨᠢᠳᠦ ᠭᠢᠯᠪᠠᠮ᠎ᠠ ᠬᠠᠷᠠᠭᠳᠠᠨ᠎ᠠ᠃ ᠤᠯᠠᠨ ᠢᠶᠠᠷ ᠢᠶᠠᠨ ᠲᠡᠭᠦᠵᠦ᠂ ᠤᠭᠤᠲᠠᠨ ᠳᠤ ᠰᠠᠪᠠᠯᠠᠵᠤ᠂ ᠲᠡᠷᠭᠡᠨ ᠳᠤ ᠲᠡᠭᠡᠭᠡᠬᠦ ᠶᠢ ᠬᠦᠯᠢᠶᠡᠵᠦ᠂ ᠡᠯᠪᠡᠭ ᠬᠤᠷᠢᠶᠠᠯᠲᠠ ᠶᠢᠨ ᠪᠠᠶᠢᠳᠠᠯ ᠪᠦᠬᠦᠨ ᠢᠶᠠᠷ ᠢᠶᠠᠨ ᠬᠠᠷᠠᠭᠳᠠᠨ᠎ᠠ᠃ ᠤᠯᠠᠨ ᠲᠦᠷᠦᠯ ᠤᠨ ᠲᠠᠷᠢᠶᠠᠯᠠᠩ ᠤᠨ ᠪᠦᠲᠦᠭᠡᠭᠳᠡᠬᠦᠨ ᠨᠢ ᠮᠠᠨ ᠤ ᠪᠠᠯᠭᠠᠰᠤᠨ ᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠳᠠᠯ ᠢ ᠬᠠᠮᠲᠤ ᠪᠠᠷ ᠪᠦᠷᠢᠯᠳᠦᠭᠦᠯᠵᠦ᠂ ᠮᠠᠨ ᠤ ᠪᠠᠯᠭᠠᠰᠤᠨ ᠤ ᠰᠢᠨ᠎ᠡ ᠴᠠᠭ ᠦᠶ᠎ᠡ ᠶᠢᠨ ᠲᠠᠷᠢᠶᠠᠴᠢᠳ ᠤᠨ ᠢᠳᠡᠪᠬᠢᠲᠡᠢ ᠪᠠᠷ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢᠨ ᠡᠯᠪᠡᠭ ᠬᠤᠷᠢᠶᠠᠯᠲᠠ ᠶᠢᠨ ᠦᠷ᠎ᠡ ᠪᠦᠲᠦᠭᠡᠯ ᠢ ᠭᠦᠢᠴᠡᠳ ᠬᠠᠷᠠᠭᠤᠯᠵᠠᠢ᠃ ᠦᠵᠡᠰᠬᠦᠯᠡᠩᠲᠦ ᠰᠠᠶᠢᠬᠠᠨ ᠥᠷᠭᠡᠨ ᠠᠭᠤᠳᠠᠮ ᠤᠮᠠᠷᠠᠲᠤ ᠶᠢᠨ ᠡᠬᠡ ᠭᠠᠵᠠᠷ ᠲᠤ ᠠᠷᠠᠳ ᠤᠨ ᠵᠠᠩ ᠰᠤᠷᠲᠠᠯ ᠪᠣᠷᠣᠭᠵᠢᠭᠤᠨ᠂ ᠠᠷᠠᠳ ᠢᠷᠭᠡᠳ ᠬᠠᠯᠠᠭᠤᠮᠰᠤᠭ ᠵᠣᠴᠢᠨᠰᠠᠭ ᠪᠠᠶᠢᠵᠤ᠂ ᠮᠠᠨ ᠤ ᠪᠠᠯᠭᠠᠰᠤᠨ ᠤ ᠡᠶ᠎ᠡ ᠵᠣᠬᠢᠴᠠᠩᠭᠤᠢ ᠨᠡᠶᠢᠭᠡᠮ ᠤᠨ ᠣᠷᠴᠢᠨ ᠲᠣᠭᠤᠷᠢᠨ ᠪᠣᠯᠤᠨ ᠡᠯᠪᠡᠭ ᠬᠤᠷᠢᠶᠠᠯᠲᠠ ᠶᠢᠨ ᠦᠨᠦᠷ ᠠᠮᠲᠠ ᠶᠢ ᠢᠯᠡᠷᠡᠭᠦᠯᠵᠦ ᠪᠠᠶᠢᠳᠠᠭ᠃
      ᠲᠠᠷᠢᠶᠠᠴᠢᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠤᠯᠠᠮ ᠴᠢᠨᠠᠭᠰᠢᠳᠠ ᠪᠠᠶᠠᠯᠢᠭᠵᠢᠭᠤᠯᠬᠤ ᠶᠢᠨ ᠲᠥᠯᠥᠭᠡ᠂ ᠪᠠᠲᠤᠬᠠᠭᠠᠯᠭ᠎ᠠ ᠪᠠᠯᠭᠠᠰᠤ ᠡᠯᠪᠡᠭ ᠬᠤᠷᠢᠶᠠᠯᠲᠠ ᠶᠢ ᠪᠡᠯᠭᠡᠯᠡᠬᠦ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢ ᠡᠷᠬᠢᠯᠡᠵᠦ᠂ ᠳᠠᠭᠤᠤ᠂ ᠪᠥᠵᠢᠭ᠂ ᠰᠢ ᠵᠦᠴᠦᠭᠡ᠂ ᠬᠥᠭᠵᠢᠮ ᠤᠨ ᠬᠥᠭᠵᠢᠮ ᠵᠡᠷᠭᠡ ᠲᠣᠭᠯᠠᠯᠲᠠ ᠶᠢ ᠡᠭᠡᠯᠵᠢᠯᠡᠨ ᠲᠣᠭᠯᠠᠵᠤ᠂ ᠠᠳᠠᠯᠢ ᠪᠤᠰᠤ ᠤᠳᠬ᠎ᠠ ᠤᠷᠠᠯᠢᠭ ᠤᠨ ᠬᠡᠪ ᠨᠠᠮᠪᠠ ᠪᠣᠯᠤᠨ ᠳᠡᠯᠭᠡᠷᠡᠭᠦᠯᠬᠦ ᠠᠷᠭ᠎ᠠ ᠬᠡᠯᠪᠡᠷᠢ ᠪᠠᠷ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠤᠨ ᠭᠦᠨ ᠵᠤᠵᠠᠭᠠᠨ ᠠᠭᠤᠯᠬᠤᠨ ᠢ ᠭᠦᠢᠴᠡᠳ ᠢᠯᠡᠷᠡᠭᠦᠯᠪᠡ᠃ ᠤᠯᠠᠨ ᠢᠶᠠᠷ ᠢᠶᠠᠨ ᠪᠠᠶᠠᠷ ᠬᠦᠷ ᠢᠶᠠᠷ ᠪᠢᠯᠬᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ᠂ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ᠂ ᠡᠯᠪᠡᠭ ᠬᠤᠷᠢᠶᠠᠯᠲᠠ ᠶᠢ ᠬᠠᠮᠲᠤᠪᠠᠷ ᠪᠡᠯᠭᠡᠯᠡᠬᠦ ᠦᠵᠡᠰᠬᠦᠯᠡᠩᠲᠦ ᠰᠠᠶᠢᠬᠠᠨ ᠵᠢᠷᠤᠭ᠂ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠶᠢ ᠬᠠᠮᠲᠤᠪᠠᠷ ᠵᠣᠬᠢᠶᠠᠨ ᠪᠠᠶᠢᠭᠤᠯᠵᠤ᠂ ᠮᠠᠩᠬᠠᠨ ᠠᠶᠠᠯᠭᠤ ᠪᠠᠷ ᠡᠯᠪᠡᠭ ᠬᠤᠷᠢᠶᠠᠯᠲᠠ ᠪᠠᠨ ᠪᠠᠷᠠᠰᠢ ᠦᠭᠡᠢ ᠪᠠᠶᠠᠷ ᠪᠠᠭ᠋ᠠᠳᠤᠯ ᠢ ᠳᠠᠭᠤᠯᠠᠪᠠ᠃
      ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠪᠣᠯ ᠲᠠᠷᠢᠶᠠᠴᠢᠳ ᠤᠨ ᠥᠪᠡᠷ ᠤᠨ ᠬᠢᠨᠢ ᠪᠠᠶᠠᠷ ᠤᠨ ᠡᠳᠦᠷ ᠮᠥᠨ᠂ ᠡᠯᠪᠡᠭ ᠬᠤᠷᠢᠶᠠᠯᠲᠠ ᠶᠢ ᠪᠡᠯᠭᠡᠯᠡᠬᠦ ᠠᠵᠢᠯᠯᠠᠭ᠎ᠠ ᠶᠢ ᠡᠷᠭᠢᠯᠡᠭᠰᠡᠨ ᠨᠢ ᠪᠠᠲᠤᠬᠠᠭᠠᠯᠭ᠎ᠠ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠥᠷᠭᠡᠨ ᠣᠯᠠᠨ ᠲᠠᠷᠢᠶᠠᠴᠢᠳ ᠢ ᠲᠦᠢᠯ ᠢᠶᠠᠷ ᠬᠠᠯᠠᠮᠵᠢᠯᠠᠵᠤ ᠪᠠᠶᠢᠬᠤ ᠶᠢ  ᠭᠦᠢᠴᠡᠳ ᠬᠠᠷᠠᠭᠤᠯᠤᠭᠰᠠᠨ ᠶᠤᠮ᠃ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠤᠨ᠎ᠠ᠂ ᠮᠥᠨᠴᠦ ᠲᠦᠭ ᠲᠦᠮᠡᠨ ᠮᠠᠯᠴᠢᠨ ᠲᠠᠷᠢᠶᠠᠴᠢᠨ ᠪᠦᠬᠦ ᠤᠯᠤᠰ ᠤᠨ ᠠᠷᠠᠳ ᠲᠦᠮᠡᠨ ᠲᠠᠢ ᠬᠠᠮᠲᠤᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠵᠢᠯ ᠪᠣᠯᠤᠨ᠎ᠠ᠂ ᠪᠠᠯᠭᠠᠰᠤᠨ ᠤ ᠨᠠᠮ ᠤᠨ  ᠬᠤᠷᠢᠶ᠎ᠠ᠂ ᠵᠠᠰᠠᠭ ᠤᠨ ᠣᠷᠳᠣᠨ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠦᠵᠡᠰᠬᠦᠯᠡᠩᠲᠦ ᠰᠠᠶᠢᠬᠠᠨ ᠠᠮᠢ ᠠᠬᠤᠢ ᠲᠠᠢ᠂ ᠪᠣᠯᠪᠠᠰᠤᠨ ᠪᠥᠭᠡᠳ ᠣᠷᠣᠰᠢᠨ ᠰᠠᠭᠤᠬᠤ ᠳᠤ ᠲᠣᠬᠢᠷᠠᠮᠵᠢᠲᠠᠢ ᠪᠠᠲᠤᠬᠠᠭᠠᠯᠭ᠎ᠠ ᠪᠠᠯᠭᠠᠰᠤ ᠶᠢ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ᠃  
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号