9 ᠰᠠᠷ᠎ᠠ ᠶᠢᠨ 27 ᠤ ᠡᠳᠦᠷ᠂ 2021 ᠣᠨ ᠤ ᠪᠤᠭᠤᠲᠤ ᠬᠤᠲᠠ ᠶᠢᠨ ᠰᠠᠯᠬᠢᠨ ᠬᠦᠴᠦᠨ ᠢᠶᠠᠷ | ᠴᠠᠬᠢᠯᠭᠠᠨ ᠭᠠᠷᠭᠠᠬᠤ ᠮᠠᠰᠢᠨ᠂ ᠬᠡᠷᠡᠯ ᠴᠡᠨᠡᠭ ᠤᠨ ᠲᠥᠬᠦᠭᠡᠷᠦᠮᠵᠢ ᠶᠢ ᠰᠡᠯᠪᠢᠨ ᠵᠠᠰᠠᠵᠤ ᠬᠠᠮᠠᠭᠠᠯᠠᠬᠤ ᠠᠵᠢᠯᠲᠠᠨ | ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠡᠯ᠎ᠡ ᠵᠦᠢᠯ ᠤᠨ ᠤᠷᠤᠯᠳᠤᠭᠠᠨ ᠤ | ᠶᠠᠪᠤᠴᠠ ᠪᠠᠨ ᠤᠷᠤᠭᠰᠢᠲᠠᠶ ᠳᠠᠭᠤᠰᠬᠠᠵᠤ᠂ ᠠᠮᠵᠢᠯᠲᠠ ᠲᠠᠢ ᠥᠨᠳᠥᠷᠯᠡᠪᠡ᠃ ᠤᠷᠤᠯᠳᠤᠭᠠᠨ ᠨᠢ ︽︿ᠠᠷᠪᠠᠨ | ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠤ ᠭᠠᠪᠢᠶ᠎ᠠ ᠪᠠᠶᠢᠭᠤᠯᠵᠤ ᠡᠷᠡᠯᠬᠡᠭᠯᠡᠨ ᠤᠷᠤᠭᠰᠢᠯᠠᠬᠤ ᠰᠢᠨ᠎ᠡ | ᠠᠶᠠᠨ︾ ᠭᠡᠬᠦ ᠭᠤᠣᠯ ᠰᠡᠳᠦᠪ ᠢᠶᠠᠷ ᠭᠤᠷᠪᠠᠨ ᠡᠳᠦᠷ ᠶᠠᠪᠤᠭᠳᠠᠵᠤ᠂ ᠤᠷᠤᠯᠳᠤᠭᠠᠨ ᠢᠶᠠᠷ ᠳᠠᠮᠵᠢᠨ ᠥᠷᠭᠡᠨ ᠤᠯᠠᠨ | ᠰᠠᠯᠬᠢᠨ ᠬᠦᠴᠦᠨ ᠤ ᠴᠠᠬᠢᠯᠭᠠᠨ ᠤ ᠠᠵᠢᠯᠳᠠᠨ ᠠᠵᠢᠯᠴᠢᠨ ᠤ ᠠᠵᠢᠯ ᠬᠢᠵᠦ ᠦᠢᠯᠡᠰ ᠪᠤᠰᠬᠠᠬᠤ ᠬᠠᠯᠠᠭᠤᠨ | ᠰᠡᠳᠬᠢᠯᠭᠡ ᠶᠢ ᠤᠯᠠᠮ ᠴᠢᠨᠠᠭᠰᠢᠳᠠ ᠬᠥᠭᠵᠢᠭᠡᠵᠦ᠂ ᠨᠡᠩ ᠤᠯᠠᠨ ᠤᠷᠠᠨ ᠲᠠᠷᠬᠠᠨ ᠤ ᠴᠢᠳᠠᠪᠤᠷᠢᠲᠠᠨ ᠢ | ᠬᠥᠮᠦᠵᠢᠭᠦᠯᠵᠦ᠂ ᠮᠡᠷᠭᠡᠵᠢᠯ ᠤᠨ ᠠᠵᠢᠯᠴᠢᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ | ᠴᠢᠬᠤᠯᠠ ᠬᠦᠴᠦᠨ ᠪᠣᠯᠭᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ | ᠵᠣᠷᠢᠯᠭ᠎ᠠ ᠪᠣᠯᠭᠠᠭᠰᠠᠨ ᠪᠠᠶᠢᠨ᠎ᠠ᠃ | | ᠤᠷᠤᠯᠳᠤᠭᠠᠨ ᠢ ᠣᠨᠣᠯ ᠤᠨ ᠮᠡᠳᠡᠯᠭᠡ ᠶᠢᠨ ᠬᠢᠨᠠᠨ ᠰᠢᠯᠭᠠᠯᠲᠠ ᠪᠠ ᠪᠣᠳᠠᠲᠠᠶ ᠠᠵᠢᠯᠯᠠᠭᠠᠨ ᠤ ᠬᠢᠨᠠᠨ | ᠰᠢᠯᠭᠠᠯᠲᠠ ᠭᠡᠵᠦ ᠬᠤᠶᠠᠷ ᠬᠡᠰᠡᠭ ᠲᠤ ᠬᠤᠪᠢᠶᠠᠳᠠᠭ᠃ 25 ᠰᠠᠯᠠᠭ᠎ᠠ ᠰᠠᠯᠬᠢᠨ ᠬᠦᠴᠦᠨ ᠤ ᠴᠠᠬᠢᠯᠭᠠᠨ᠂ ᠭᠡᠷᠡᠯ | ᠴᠡᠨᠡᠭ ᠤᠨ ᠠᠵᠤ ᠠᠬᠤᠶᠢᠯᠠᠯ᠂ 87 ᠤᠷᠤᠯᠳᠤᠭᠠᠨ ᠳᠤ ᠣᠷᠣᠯᠴᠠᠭᠰᠠᠨ ᠲᠠᠮᠢᠷᠴᠢᠨ ᠰᠢᠷᠦᠭᠦᠨ ᠥᠷᠢᠰᠥᠯᠳᠦᠭᠡᠨ ᠳᠤ | ᠣᠷᠣᠯᠴᠠᠵᠤ᠂ ᠡᠴᠦᠰ ᠲᠤ᠂ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ | ᠳᠠᠷᠬᠠᠨ ᠮᠤᠤᠮᠢᠩᠭᠠᠨ ᠬᠤᠰᠢᠭᠤᠨ ᠤ ᠪᠠᠲᠤᠯᠠᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠲᠥᠪ᠂ ᠥᠪᠥᠷ | ᠮᠣᠩᠭᠤᠯ ᠤᠨ ᠯᠦᠩ ᠶᠤᠸᠠᠨ ᠰᠢᠨ᠎ᠡ ᠡᠨᠧᠷᠭᠢ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠵᠡᠷᠭᠡ 7 ᠨᠢᠭᠡᠴᠡ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠤ ᠲᠥᠬᠦᠭᠡᠷᠦᠮᠵᠢ ᠶᠢᠨ ᠤᠷᠤᠯᠳᠤᠭᠠᠨ ᠤ ᠰᠢᠯᠢᠳᠡᠭ ᠵᠣᠬᠢᠶᠠᠨ | ᠪᠠᠶᠢᠭᠤᠯᠤᠯᠲᠠ ᠶᠢᠨ ᠱᠠᠩᠨᠠᠯ ᠭᠥᠷᠳᠡᠵᠦ᠂ ᠸᠠᠩ ᠪᠢᠨ᠂ ᠵᠣᠣ ᠶᠦᠩ ᠴᠢᠶᠠᠩ ᠪᠣᠯᠤᠨ ᠶᠠᠩ ᠶᠦᠩ ᠭᠠᠩ ᠲᠣᠰ | ᠲᠣᠰ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠤ ᠬᠤᠪᠢ ᠬᠥᠮᠦᠨ ᠤ ᠲᠦᠷᠦᠭᠦᠤ ᠭᠤᠷᠪᠠ ᠳᠤ | ᠣᠷᠣᠵᠤ᠂ ᠷᠧᠩ ᠬᠦᠢ ᠵᠡᠷᠭᠡ 7 ᠲᠠᠮᠢᠷᠴᠢᠨ ᠬᠤᠪᠢ ᠬᠥᠮᠦᠨ ᠤ ᠰᠢᠯᠢᠳᠡᠭ ᠱᠠᠩᠨᠠᠯ ᠭᠥᠷᠳᠡᠪᠡ᠃ | | ᠶᠢᠨ ᠹᠧᠩ ᠲᠠᠷᠬᠠᠨ ᠮᠤᠤᠮᠢᠩᠭᠠᠨ ᠥᠩᠭᠡ ᠦᠵᠡᠮᠵᠢ ᠶᠢᠨ ᠴᠠᠬᠢᠯᠭᠠᠨ ᠥᠷᠲᠡᠭᠡ ︵ᠲᠢᠶᠠᠨ ᠷᠦᠨ︶᠂ | ᠥᠪᠥᠷ ᠮᠣᠩᠭᠤᠯ ᠤᠨ ᠸᠠᠳᠦ᠋ ᠡᠨᠧᠷᠭᠢ ᠶᠢᠨ ᠬᠢᠵᠠᠭᠠᠷᠲᠤ ᠺᠣᠮᠫᠠᠨᠢ᠂ ᠬᠤᠸᠠ ᠨᠤᠩ ᠮᠤᠤ ᠮᠢᠩ ᠥᠩᠭᠡ | ᠦᠵᠡᠮᠵᠢ ᠶᠢᠨ ᠴᠠᠬᠢᠯᠭᠠᠨ ᠥᠷᠲᠡᠭᠡ ᠬᠡᠷᠡᠯ ᠴᠡᠨᠡᠭ ᠤᠨ ᠲᠥᠬᠦᠭᠡᠷᠦᠮᠵᠢ ᠶᠢ ᠰᠡᠯᠪᠢᠨ ᠵᠠᠰᠠᠵᠤ ᠬᠠᠮᠠᠭᠠᠯᠠᠬᠤ | ᠠᠵᠢᠯᠴᠢᠨ ᠠᠵᠢᠯᠲᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠰᠢᠯᠢᠳᠡᠭ ᠵᠣᠬᠢᠶᠠᠨ | ᠪᠠᠶᠢᠭᠤᠯᠤᠯᠲᠠ ᠶᠢᠨ ᠱᠠᠩᠨᠠᠯ ᠭᠥᠷᠳᠡᠵᠦ᠂ ᠵᠠᠩ ᠶᠦᠩ ᠤᠯᠤᠰ᠂ ᠯᠢᠦ ᠵᠢᠶᠠᠨ ᠲᠢᠩ᠂ ᠲᠠᠨ ᠵᠢᠶᠠ ᠮᠢᠩ ᠲᠣᠰ | ᠲᠣᠰ ᠬᠡᠷᠡᠯ ᠴᠡᠨᠡᠭ ᠤᠨ ᠲᠥᠬᠦᠭᠡᠷᠦᠮᠵᠢ ᠶᠢᠨ ᠬᠤᠪᠢ ᠬᠥᠮᠦᠨ ᠤ ᠲᠦᠷᠦᠭᠦᠤ ᠭᠤᠷᠪᠠ ᠳᠤ ᠣᠷᠣᠵᠤ᠂ ᠳ᠋ᠢ ᠰᠢᠶᠤᠤ | ᠯᠦᠩ ᠵᠡᠷᠭᠡ 7 ᠲᠠᠮᠢᠷᠴᠢᠨ ᠬᠤᠪᠢ ᠬᠥᠮᠦᠨ ᠤ ᠰᠢᠯᠢᠳᠡᠭ ᠱᠠᠩᠨᠠᠯ ᠭᠥᠷᠳᠡᠪᠡ᠃ | ︽ᠡᠨᠡ ᠤᠳᠠᠭᠠᠨ ᠤ ᠰᠠᠭᠠᠳ ᠲᠣᠳᠬᠠᠷ ᠢ ᠰᠢᠢᠳᠪᠦᠷᠢᠯᠡᠭᠰᠡᠨ ᠶᠠᠪᠤᠳᠠᠯ ᠳᠤ ᠲᠡᠶᠢᠮᠦ ᠶᠡᠭᠡ ᠰᠡᠳᠬᠢᠯ ᠬᠠᠨᠤᠮᠵᠢ | ᠦᠭᠡᠶ ᠪᠠᠶᠢᠨ᠎ᠠ᠂ ᠳᠠᠷᠠᠭᠠᠴᠢ ᠶᠢᠨ ᠠᠵᠢᠯ ᠤᠨ ᠳᠤᠮᠳᠠ ᠪᠠᠨ ᠪᠢ ᠦᠷᠭᠦᠯᠵᠢᠯᠡᠨ ᠴᠢᠷᠮᠠᠶᠢᠵᠤ᠂ ᠠᠵᠢᠯ ᠲᠥᠷᠥᠯ ᠤᠨ | ᠳᠣᠲᠣᠷᠠᠬᠢ ᠨᠥᠬᠦᠳ ᠪᠣᠯᠤᠨ ᠠᠬᠠᠮᠠᠳ ᠦᠶ᠎ᠡ ᠶᠢᠨ ᠬᠢᠨ ᠠᠴᠠ ᠰᠤᠷᠤᠯᠴᠠᠵᠤ᠂ ᠳᠠᠷᠠᠭᠠᠴᠢ ᠶᠢᠨ ᠤᠳᠠᠭᠠᠨ ᠤ | ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠤᠯᠬᠤ ᠪᠠᠷ ᠴᠢᠷᠮᠠᠶᠢᠨ᠎ᠠ︾᠃ ᠬᠡᠷᠡᠯ ᠴᠡᠨᠡᠭ ᠤᠨ ᠤᠷᠤᠯᠳᠤᠭᠠᠨ ᠳᠤ | ᠣᠷᠣᠯᠴᠠᠬᠤ ᠲᠠᠮᠢᠷᠴᠢᠨ ᠴᠢᠶᠠᠨ ᠬᠠᠶ ᠵᠢᠶᠦ᠋ᠨ ᠤᠷᠤᠯᠳᠤᠭᠠᠨ ᠤ ᠳᠠᠷᠠᠭ᠎ᠠ ᠢᠯᠡᠷᠬᠡᠶᠢᠯᠡᠨ᠎ᠡ᠃ | | | | | | | ᠲᠤᠰ ᠤᠳᠠᠭ᠎ᠠ ᠶᠢᠨ ᠤᠷᠤᠯᠳᠤᠭᠠᠨ ᠢ ᠠᠮᠵᠢᠯᠲᠠ ᠲᠠᠢ ᠶᠠᠪᠤᠭᠳᠠᠭᠤᠯᠤᠭᠰᠠᠨ ᠨᠢ ᠪᠤᠭᠤᠲᠤ ᠬᠤᠳᠠ ᠶᠢᠨ | ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠳᠤ ᠰᠢᠨ᠎ᠡ ᠲᠠᠪᠴᠠᠩ ᠬᠠᠩᠭᠠᠭᠰᠠᠨ ᠪᠥᠭᠡᠳ ᠥᠷᠭᠡᠨ ᠤᠯᠠᠨ | ᠠᠵᠢᠯᠳᠠᠨ ᠠᠵᠢᠯᠴᠢᠨ ᠳᠤ ᠤᠷ᠎ᠠ ᠮᠡᠷᠭᠡᠵᠢᠯ ᠤᠨ ᠰᠣᠯᠢᠯᠴᠠᠭ᠎ᠠ ᠰᠤᠷᠤᠯᠴᠠᠯᠭ᠎ᠠ᠂ ᠥᠪᠡᠷ ᠢ ᠪᠠᠨ ᠢᠯᠡᠷᠡᠭᠦᠯᠬᠦ | ᠲᠠᠪᠴᠠᠩ ᠬᠠᠩᠭᠠᠵᠤ᠂ ᠤᠷ᠎ᠠ ᠮᠡᠷᠭᠡᠵᠢᠯ ᠤᠨ ᠴᠢᠳᠠᠪᠤᠷᠢᠲᠠᠨ ᠤ ᠲᠤᠰᠬᠠᠢ ᠮᠡᠷᠭᠡᠵᠢᠯ ᠤᠨ ᠮᠡᠳᠡᠯᠭᠡ ᠶᠢ ᠲᠠᠰᠤᠷᠠᠯᠳᠠ | ᠦᠭᠡᠢ ᠪᠠᠶᠠᠯᠢᠭᠵᠢᠭᠤᠯᠬᠤ᠂ ᠲᠤᠰᠬᠠᠢ ᠮᠡᠷᠭᠡᠵᠢᠯ ᠤᠨ ᠤᠷ᠎ᠠ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠬᠦ ᠶᠢ | ᠠᠬᠢᠭᠤᠯᠬᠤ ᠳᠤ ᠲᠤᠰᠠᠲᠠᠢ᠂ ᠪᠤᠭᠤᠲᠤ ᠬᠤᠳᠠ ᠶᠢᠨ ᠤᠷ᠎ᠠ ᠮᠡᠷᠭᠡᠵᠢᠯ ᠤᠨ ᠴᠢᠳᠠᠪᠤᠷᠢᠲᠠᠨ ᠢ ᠨᠥᠭᠡᠴᠡᠯᠡᠬᠦ ᠠᠵᠢᠯ ᠢ | ᠴᠢᠨᠠᠭᠰᠢᠳᠠ ᠴᠢᠩᠭᠠᠳᠬᠠᠬᠤ ᠳᠤ ᠢᠳᠡᠪᠬᠢ ᠠᠴᠢ ᠬᠤᠯᠪᠣᠭᠳᠠᠯ ᠲᠠᠢ ᠶᠤᠮ᠃ | |