ᠳᠠᠷᠬᠠᠨ ᠮᠤᠤᠮᠢᠩᠭᠠᠨ  ᠬᠤᠯᠪᠤᠭᠠᠳᠦ ᠬᠤᠰᠢᠭᠤ ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠤᠨ ᠪᠠᠶᠢᠷᠢᠯᠠᠭᠤᠯᠤᠯᠲᠠ ᠵᠢᠴᠢ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/28
     9 ᠰᠠᠷ᠎ᠠ ᠶᠢᠨ 26 ᠤ ᠡᠳᠦᠷ᠂ ᠳᠠᠷᠬᠠᠨ ᠮᠤᠤᠮᠢᠩᠭᠠᠨ ᠬᠤᠰᠢᠭᠤ ᠪᠦᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠤᠨ ᠪᠠᠶᠢᠷᠢᠯᠠᠭᠤᠯᠤᠯᠲᠠ ᠵᠢᠴᠢ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠬᠤᠷᠠᠯ ᠠᠴᠠ ᠪᠦᠬᠦ ᠤᠯᠤᠰ ᠤᠨ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠪᠠ ᠬᠠᠯᠳᠠᠪᠤᠷᠢᠲᠤ ᠲᠠᠭᠰᠢᠭᠤᠷ ᠵᠡᠷᠭᠡ ᠨᠠᠮᠤᠷ ᠡᠪᠦᠯ ᠤᠨ ᠤᠯᠠᠷᠢᠯ ᠤᠨ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠣ᠋ ᠬᠤᠷᠠᠯ ᠵᠢᠴᠢ ᠪᠦᠬᠦ ᠣᠷᠣᠨ ᠤ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ᠂ ᠪᠦᠬᠦ ᠬᠤᠳᠠ ᠶᠢᠨ ᠰᠢᠨ᠎ᠡ ᠲᠢᠲᠢᠮ ᠲᠠᠢ   ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠨ ᠬᠡᠮᠵᠢᠬᠦ ᠴᠢᠳᠠᠪᠤᠷᠢ ᠶᠢ ᠵᠣᠬᠢᠶᠠᠨ ᠪᠠᠶᠢᠭᠤᠯᠵᠤ ᠪᠠᠶᠢᠭᠤᠯᠬᠤ ᠪᠠᠶᠢᠴᠠᠭᠠᠨ ᠰᠤᠳᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠳᠬᠠᠬᠤ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠪᠠ ᠨᠠᠮᠤᠷ ᠡᠪᠦᠯ ᠤᠨ ᠤᠯᠠᠷᠢᠯ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ᠂ ᠸᠠᠺᠼᠢᠨ ᠤ ᠲᠠᠷᠢᠯᠭ᠎ᠠ ᠬᠢᠬᠦ ᠵᠡᠷᠭᠡ ᠠᠵᠢᠯ ᠢ ᠰᠠᠶᠢᠲᠤᠷ ᠬᠢᠬᠦ ᠶᠢᠨ ᠲᠣᠭᠤᠷᠢᠨ ᠳᠤ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠳᠡᠭᠡᠷ᠎ᠡ ᠪᠠᠰᠠ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨ᠎ᠡ ᠲᠢᠲᠢᠮ ᠤᠨ  ᠸᠢᠷᠦ᠋ᠰ ᠤᠨ ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠪᠠᠴᠢᠮ ᠪᠠᠶᠢᠳᠠᠯ ᠢ ᠠᠷᠭᠠᠴᠠᠬᠤ ᠲᠥᠰᠦᠯ︾ ᠢ ᠰᠤᠷᠤᠯᠴᠠᠭᠰᠠᠨ ᠪᠥᠭᠡᠳ ︽ᠶᠡᠭᠡ ᠬᠡᠪᠴᠢᠶᠡᠨ ᠤ ᠬᠥᠮᠦᠰ ᠤᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ︾ ᠢ ᠠᠵᠢᠯᠯᠠᠭᠤᠯᠬᠤ ᠪᠠ ᠠᠵᠢᠯᠯᠠᠭᠤᠯᠬᠤ ᠪᠣᠯᠪᠠᠰᠤᠷᠠᠭᠤᠯᠤᠯ ᠢ ᠥᠷᠨᠢᠭᠦᠯᠪᠡ᠃      ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠡᠷᠢᠭᠦᠨ ᠴᠢᠬᠤᠯᠠ ᠶᠠᠪᠤᠳᠠᠯ ᠪᠣᠯᠭᠠᠨ ᠴᠢᠩᠭ᠎ᠠ ᠠᠳᠬᠤᠵᠤ᠂ ᠴᠢᠩᠭ᠎ᠠ ᠠᠳᠬᠤᠵᠤ᠂ ᠪᠣᠳᠠᠲᠠᠢ ᠠᠳᠬᠤᠬᠤ ᠬᠡᠷᠡᠭᠲᠡᠢ︔ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠴᠢᠨᠠᠭᠰᠢᠳᠠ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠭᠤᠭᠴᠤᠭ᠎ᠠ ᠶᠢ ᠬᠢᠨᠠᠨ ᠬᠡᠮᠵᠢᠬᠦ ᠪᠠ ᠪᠣᠭᠤᠮᠲᠠ ᠶᠢᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ  ᠬᠡᠮᠵᠢᠶ᠎ᠡ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ︔ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠵᠣᠬᠢᠶᠠᠨ ᠪᠠᠶᠢᠭᠤᠯᠬᠤ ᠪᠠ ᠬᠡᠷᠡᠭᠵᠢᠭᠦᠯᠬᠦ ᠰᠢᠨᠵᠢᠯᠡᠬᠦ ᠤᠬᠠᠭᠠᠨᠴᠢ᠂ ᠶᠠᠪᠤᠭᠳᠠᠭᠤᠰᠢᠲᠠᠶ ᠲᠥᠰᠦᠯ ᠢ ᠲᠣᠭᠲᠠᠭᠠᠵᠤ᠂ ᠲᠣᠤᠷᠵᠢᠭᠤᠯᠤᠭᠰᠠᠨ ᠨᠠᠷᠢᠯᠢᠭ ᠣᠨᠣᠴᠠᠲᠠᠶ ᠬᠠᠮᠢᠶᠠᠷᠤᠯᠲᠠ ᠶᠢ ᠬᠡᠷᠡᠭᠵᠢᠭᠦᠯᠦᠨ᠂ ᠬᠥᠮᠦᠨ ᠠᠮᠠ ᠶᠢᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠬᠥᠳᠡᠯᠦᠩᠭᠦᠶ ᠪᠠᠷ ᠡᠵᠡᠮᠰᠢᠵᠦ᠂ ᠥᠯᠢᠭᠡᠷ ᠠᠪᠴᠤ ᠪᠠᠶᠢᠴᠠᠭᠠᠨ ᠬᠡᠮᠵᠢᠬᠦ ᠴᠢᠳᠠᠪᠤᠷᠢ ᠶᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠵᠣᠬᠢᠴᠠᠭᠤᠯᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢᠨ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠬᠡᠷᠡᠭᠲᠡᠶ᠃ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ  ᠵᠠᠩ ᠪᠠᠭᠠᠨ᠎ᠠ ᠡᠷᠭᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠵᠢᠯᠣᠭᠤᠳᠤᠨ ᠲᠣᠬᠢᠷᠠᠭᠤᠯᠬᠤ ᠲᠥᠪ ᠤᠨ ᠡᠷᠬᠢᠯᠡᠭᠴᠢ᠂ ᠡᠯ᠎ᠡ ᠰᠤᠮᠤ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠳᠠᠩᠰᠠᠯᠠᠭᠴᠢᠳ ᠬᠤᠷᠠᠯ ᠳᠤ ᠣᠷᠣᠯᠴᠠᠵᠠᠶ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号