ᠮᠠᠨ ᠤ ᠬᠤᠰᠢᠭᠤ ᠡᠨᠡ ᠡᠪᠦᠯ  ᠬᠠᠪᠤᠷ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/28
     9 ᠰᠠᠷ᠎ᠠ ᠶᠢᠨ 27 ᠤ ᠡᠳᠦᠷ᠂ ᠮᠠᠨ ᠤ ᠬᠤᠰᠢᠭᠤ ᠡᠨᠡ ᠡᠪᠦᠯ ᠢᠷᠡᠬᠦ ᠬᠠᠪᠤᠷ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ  ᠮᠦᠩᠭᠡᠪᠠᠭᠠᠳᠤᠷ ᠵᠢᠴᠢ ᠡᠯ᠎ᠡ ᠰᠤᠮᠤ ᠰᠢᠶᠠᠩ ᠪᠠᠯᠭᠠᠰᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
      ᠬᠤᠷᠠᠯ ᠠᠴᠠ ︽ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠤᠨ ᠮᠡᠳᠡᠭᠳᠡᠯ︾ ᠢ ᠤᠯᠠᠮᠵᠢᠯᠠᠪᠠ ︽ᠪᠥᠬᠦ ᠣᠷᠣᠨ ᠤ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠰᠢᠪᠠᠳᠠᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠤᠨ ᠮᠡᠳᠡᠭᠳᠡᠯ︾ ᠳᠤ᠂ ᠶᠡᠷᠦᠩᠬᠡᠶ ᠰᠠᠶᠢᠳ ᠯᠢ ᠺᠤ ᠴᠢᠶᠠᠩ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠰᠤᠮᠤ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠳᠡᠭᠡᠭᠰᠢᠯᠡᠭᠦᠯᠵᠦ᠂ ᠤᠷᠳᠤ ᠬᠤᠭᠤᠴᠠᠭ᠎ᠠ ᠪᠠᠷ ᠲᠠᠶᠢᠨ ᠬᠢᠬᠦ ᠪᠠ ᠨᠡᠩ ᠶᠡᠭᠡ ᠬᠦᠴᠢᠷᠳᠡᠯ ᠢ ᠠᠷᠭᠠᠴᠠᠬᠤ ᠦᠵᠡᠯ ᠰᠠᠨᠠᠭᠠᠨ ᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ᠂ ᠰᠢᠨ᠎ᠡ ᠵᠠᠭᠤᠴᠢᠯᠠᠭᠤᠷ ᠵᠡᠷᠭᠡ ᠣᠯᠠᠨ  ᠵᠤᠶᠢᠯ ᠤᠨ ᠠᠷᠭ᠎ᠠ ᠵᠠᠮ ᠢ  ᠭᠦᠢᠴᠡᠳ ᠠᠰᠢᠭᠯᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠠᠮᠤᠷ ᠲᠦᠪᠰᠢᠨ ᠢᠶᠠᠷ ᠭᠠᠯ ᠬᠡᠷᠡᠭᠯᠡᠬᠦ ᠶᠡᠷᠦ ᠶᠢᠨ ᠮᠡᠳᠡᠯᠭᠡ ᠶᠢ ︽ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ᠂ ᠭᠠᠴᠠᠭ᠎ᠠ ᠲᠣᠰᠬᠤᠨ᠂ ᠬᠡᠷ ᠪᠦᠯᠢ ᠳᠤ ᠬᠦᠷᠭᠡᠬᠦ︾ ᠶᠢ ᠬᠡᠪ ᠤᠨ ᠪᠠᠶᠢᠳᠠᠯ ᠪᠣᠯᠭᠠᠨ᠎ᠠ᠃ ᠬᠡᠭᠡᠷ᠎ᠡ ᠶᠢᠨ ᠭᠠᠯ ᠤᠨ ᠢᠷᠡᠯᠲᠡ ᠶᠢ ᠡᠷᠡᠰ ᠢᠶᠠᠷ ᠬᠠᠮᠢᠶᠠᠷᠴᠤ᠂ ᠭᠠᠯ ᠲᠠᠯᠪᠢᠵᠤ ᠭᠠᠯ ᠠᠯᠳᠠᠭᠰᠠᠨ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠎ᠠ᠃ ᠰᠡᠷᠭᠡᠶᠢᠯᠡᠬᠦ ᠲᠣᠤᠷ ᠰᠦᠯᠵᠢᠶ᠎ᠡ ᠶᠢ ᠪᠠᠶᠢᠭᠤᠯᠤᠨ ᠪᠦᠷᠢᠨᠰᠢᠬᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠠᠰᠠᠭ ᠵᠠᠬᠢᠷᠭᠠᠨ ᠤ ᠤᠳᠤᠷᠢᠳᠤᠯᠭ᠎ᠠ ᠶᠢᠨ ᠬᠠᠷᠢᠭᠤᠴᠠᠬᠤ ᠲᠦᠷᠢᠮ ᠤᠨ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠤᠨ ᠂ ᠬᠠᠷᠢᠭᠤᠴᠠᠯᠭ᠎ᠠ ᠶᠢ ᠨᠠᠷᠢᠯᠢᠬᠵᠢᠭᠤᠯᠵᠤ᠂ ᠢᠯᠠᠩᠭᠤᠶ᠎ᠠ ᠭᠤᠤᠯᠳᠠᠯᠭ᠎ᠠ ᠲᠠᠢ ᠣᠷᠣᠨ ᠪᠦᠰᠡ ᠪᠣᠯᠤᠨ ᠭᠠᠯ ᠤᠨ ᠠᠶᠤᠯ ᠤᠨ ᠲᠦᠭᠰᠢᠭᠦᠷᠢ ᠶᠡᠬᠡᠲᠡᠶ ᠣᠷᠣᠨ ᠳᠤ ᠬᠡᠰᠡᠭ ᠬᠤᠪᠢᠶᠠᠨ ᠳᠠᠭᠠᠭᠠᠴᠢᠯᠠᠭᠤᠯᠬᠤ ᠶᠢ ᠬᠡᠷᠡᠭᠵᠢᠭᠦᠯᠵᠦ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠤᠨ᠂ ᠴᠢᠩᠭ᠎ᠠ ᠰᠡᠷᠭᠡᠶᠢᠯᠡᠨ ᠴᠢᠩᠭ᠎ᠠ ᠰᠠᠬᠢᠬᠤ ᠬᠡᠷᠡᠭᠲᠡᠶ᠃ ᠠᠷᠠᠳ ᠣᠯᠠᠨ ᠤ ᠪᠣᠯᠪᠠᠰᠤᠨ ᠢᠶᠠᠷ ᠭᠠᠯ ᠬᠡᠷᠡᠭᠯᠡᠬᠦ᠂ ᠠᠮᠤᠷ ᠲᠦᠪᠰᠢᠨ ᠢᠶᠠᠷ ᠭᠠᠯ ᠬᠡᠷᠡᠭᠯᠡᠬᠦ᠂ ᠬᠠᠤᠯᠢ ᠶᠣᠰᠣᠭᠠᠷ ᠭᠠᠯ ᠬᠡᠷᠡᠭᠯᠡᠬᠦ ᠦᠵᠡᠯ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠤᠭᠭᠠᠷ ᠠᠳᠬᠤᠨ ᠬᠠᠮᠲᠤᠪᠠᠷ ᠬᠠᠮᠢᠶᠠᠷᠬᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠠᠵᠢᠯ ᠤᠨ ᠪᠠᠶᠢᠷᠢᠰᠢᠯ ᠢ ᠴᠢᠷᠮᠠᠶᠢᠨ ᠪᠠᠶᠢᠭᠤᠯᠬᠤ ᠬᠡᠷᠡᠭᠲᠡᠶ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号