ᠳᠠᠷᠬᠠᠨ  ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠭᠤᠴᠢᠨ ᠭᠤᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/28
     9 ᠰᠠᠷ᠎ᠠ ᠶᠢᠨ 26 ᠤ ᠡᠳᠦᠷ᠂ ᠳᠠᠷᠬᠠᠨ  ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠬᠤ ᠶᠢᠨ ᠬᠤᠷᠢᠶᠠᠨ ᠤ ᠡᠷᠭᠢᠯᠡᠭᠴᠢ ᠭᠦᠩ ᠬᠤᠸᠠ ᠬᠤᠷᠠᠯ ᠡᠷᠭᠢᠯᠡᠵᠦ᠂  ᠲᠡᠳ᠋ ᠡᠷᠭᠢᠯᠡᠭᠴᠢ  ᠰᠡᠷᠭᠦᠯᠡᠩ᠂ ᠵᠠᠩ ᠰᠢᠤ ᠴᠦᠨ᠂ ᠯᠢ ᠴᠢᠶᠠᠩ ᠵᠢᠴᠢ ᠭᠡᠰᠢᠭᠦᠳ ᠬᠤᠷᠠᠯ ᠳᠤ ᠣᠷᠣᠯᠴᠠᠵᠠᠶ᠃ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ  ᠮᠦᠩᠭᠡᠪᠠᠭᠠᠳᠤᠷ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠵᠢᠴᠢ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠬᠠᠷᠢᠭᠤᠴᠠᠯᠭᠠᠲᠠᠨ᠂ ᠬᠡᠰᠡᠭ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠣᠯᠤᠨ ᠬᠤᠲᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃
      ᠬᠤᠷᠠᠯ ᠠᠴᠠ ᠬᠤᠰᠢᠭᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ ᠰᠠᠨᠠᠯ ᠢ ᠭᠦᠢᠴᠡᠳᠭᠡᠭᠰᠡᠨ ᠪᠠᠶᠢᠳᠠᠯ ᠤᠨ ᠲᠤᠬᠠᠶ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ︔ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠠᠵᠢᠯ ᠢ ᠬᠢᠨᠠᠨ ᠵᠥᠪᠯᠡᠭᠰᠡᠨ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ︔ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠥᠪᠯᠡᠨ ᠲᠣᠭᠲᠠᠭᠠᠬᠤ ᠳᠤᠭᠤᠶᠢᠯᠠᠩ ᠤᠨ ᠠᠵᠢᠯᠲᠠᠨ ᠤ ᠲᠣᠭᠠᠨ ᠤ ᠬᠡᠰᠡᠭ ᠰᠢᠭᠦᠭᠴᠢ ᠪᠣᠯᠤᠨ ᠠᠵᠢᠯᠲᠠᠨ ᠤ ᠲᠣᠭᠠᠨ ᠤ ᠪᠠᠶᠢᠴᠠᠭᠠᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠵᠥᠪᠯᠡᠨ ᠲᠣᠭᠲᠠᠭᠠᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠬᠢᠪᠡ᠃      ᠬᠤᠷᠠᠯ ᠠᠴᠠ ᠪᠠᠰᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠶ᠋ᠯᠡᠳᠪᠦᠷᠢᠯᠡᠯ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠶ᠋ᠯᠡᠳᠪᠦᠷᠢᠯᠡᠯ ᠤᠨ ᠲᠦᠷᠢᠮ︾ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠭᠰᠠᠨ ᠮᠡᠳᠡᠭᠦᠯᠦᠯᠲᠡ ᠶᠢ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠵᠢᠴᠢ ᠬᠥᠲᠥᠴᠢ ᠠᠵᠤ ᠠᠬᠤᠶᠢᠯᠠᠯ ᠤᠨ ᠨᠡᠶᠢᠲᠡᠯᠢᠭ ᠵᠢᠱᠢᠶ᠎ᠡ ᠶᠢ ᠪᠤᠶᠢᠵᠢᠭᠤᠯᠬᠤ ᠪᠠ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ︔ 2020 ᠣᠨ ᠤ ᠪᠥᠬᠦ ᠬᠤᠰᠢᠭᠤᠨ ᠤ ᠲᠠᠷᠢᠶᠠᠨ ᠭᠠᠵᠠᠷ ᠤᠨ ᠬᠠᠮᠠᠭᠠᠯᠠᠯᠲᠠ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ ᠬᠢᠪᠡ᠃       ᠬᠤᠷᠠᠯ ᠳᠡᠭᠡᠷ᠎ᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠮᠢᠶ᠎ᠠ ᠪᠥᠬᠦᠶ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠶᠢᠩᠭᠤ ᠶᠢᠨ ᠬᠤᠷᠢᠶ᠎ᠠ ᠳᠤ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠰᠠᠨᠠᠭᠤᠯᠭ᠎ᠠ ᠪᠠ ᠰᠠᠨᠠᠯ ᠳᠤᠷᠠᠳᠪᠠ᠃      ᠬᠤᠷᠠᠯ ᠠᠴᠠ ᠪᠠᠰᠠ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠠᠷᠬᠠᠨ  ᠮᠤᠤᠮᠢᠩᠭᠠᠨ ᠬᠤᠯᠪᠣᠭᠠᠲᠤ ᠬᠤᠰᠢᠭᠤ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠬᠡᠷᠡᠭᠵᠢᠭᠦᠯᠬᠦ ᠲᠥᠰᠦᠯ ᠢ ᠬᠢᠨᠠᠨ ᠵᠥᠪᠯᠡᠪᠡ︔  ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠩᠭᠤᠭᠤᠯᠢ ᠶᠢᠨ ᠵᠥᠪᠯᠡᠯ ᠢ ᠪᠠᠶᠢᠭᠤᠯᠬᠤ ᠲᠤᠬᠠᠶ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ ︵ᠲᠥᠰᠦᠯ︶ ᠢ ᠪᠠᠲᠤᠯᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ  ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨ᠎ᠡ ᠨᠢᠭᠡ ᠬᠤᠭᠤᠴᠠᠭᠠᠨ ᠤ ᠰᠤᠮᠤ ᠰᠢᠶᠠᠩ ᠪᠠᠯᠭᠠᠰᠤᠨ ᠤ ᠰᠣᠩᠭᠤᠭᠤᠯᠢ ᠶᠢᠨ ᠵᠥᠪᠯᠡᠯ ᠤᠨ ᠪᠦᠷᠢᠯᠳᠦᠬᠦᠨ ᠢ ᠲᠣᠮᠢᠯᠠᠬᠤ ᠲᠤᠬᠠᠶ ᠲᠣᠭᠲᠠᠭᠠᠯ ︵ᠲᠥᠰᠦᠯ︶᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠠᠷᠬᠠᠨ  ᠮᠤᠤᠮᠢᠩᠭᠠᠨ ᠬᠤᠯᠪᠣᠭᠠᠲᠤ ᠬᠤᠰᠢᠭᠤ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠬᠡᠷᠡᠭᠵᠢᠭᠦᠯᠬᠦ ᠲᠥᠰᠦᠯ ᠤᠨ ᠲᠤᠬᠠᠶ ᠲᠣᠭᠲᠠᠭᠠᠯ ︵ᠲᠥᠰᠦᠯ︶ ᠪᠠ ᠰᠢᠨ᠎ᠡ ᠨᠢᠭᠡ ᠬᠤᠭᠤᠴᠠᠭᠠᠨ ᠤ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠣᠷᠣᠨ ᠲᠤᠭ᠎ᠠ ᠶᠢ ᠰᠢᠨ᠎ᠡ ᠪᠠᠷ ᠲᠣᠭᠲᠠᠭᠠᠬᠤ ᠲᠤᠬᠠᠶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ ︵ᠲᠥᠰᠦᠯ︶ ᠬᠢᠪᠡ᠃      ᠬᠤᠷᠠᠯ ᠠᠴᠠ ᠪᠠᠰᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠠᠷᠠᠳ ᠤᠨ ᠰᠢᠭᠦᠬᠦ ᠬᠤᠷᠢᠶᠠᠨ ᠤ ᠳᠡᠪᠰᠢᠭᠦᠯᠦᠭᠰᠡᠨ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠶᠠᠪᠤᠳᠠᠯ ᠢ ᠬᠢᠨᠠᠨ ᠵᠥᠪᠯᠡᠵᠦ᠂ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠤᠨ 1 ᠬᠠᠷᠢᠭᠤᠴᠠᠯᠭᠠᠲᠠᠨ ᠪᠠ ᠰᠢᠭᠦᠬᠦ ᠬᠤᠷᠢᠶᠠᠨ ᠤ 2 ᠰᠢᠭᠦᠭᠴᠢ ᠶᠢ ᠲᠤᠰᠢᠶᠠᠯ ᠳᠤ ᠲᠣᠮᠢᠯᠠᠭᠰᠠᠨ ᠪᠥᠭᠡᠳ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠠᠶ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号