ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠳᠤ ᠢᠷᠡᠵᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠬᠦ
ᠨᠡᠶᠢᠲᠡᠯᠡᠭᠰᠡᠨ ᠴᠠᠭ᠄
2021/9/29
     9 ᠰᠠᠷ᠎ᠠ ᠶᠢᠨ 28 ᠤ ᠡᠳᠦᠷ᠂ ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠮᠠᠨ ᠤ ᠬᠤᠷᠢᠶᠠᠨ ᠳᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠰᠠᠯᠠᠭ᠎ᠠ ᠲᠠᠰᠤᠭ ᠲᠤ ᠰᠢᠭᠡᠰᠦ ᠰᠢᠭᠦᠷᠡᠭᠦᠯᠬᠦ ᠭᠠᠳᠠᠷ ᠰᠠᠯᠠᠭ᠎ᠠ᠂ ᠶᠠᠰᠤᠨ ᠤ ᠰᠠᠯᠠᠭ᠎ᠠ᠂ ᠬᠡᠤᠬᠡᠳ ᠤᠨ ᠰᠠᠯᠠᠭ᠎ᠠ᠂ ᠰᠢᠩᠭᠡᠭᠡᠯᠲᠡ ᠶᠢᠨ ᠳᠣᠲᠣᠷ ᠰᠠᠯᠠᠭ᠎ᠠ᠂ ᠮᠡᠳᠡᠷᠡᠯ ᠤᠨ ᠳᠣᠲᠣᠷ ᠰᠠᠯᠠᠭ᠎ᠠ᠂ ᠡᠩ ᠤᠨ ᠭᠠᠳᠠᠷ ᠰᠠᠯᠠᠭ᠎ᠠ᠂ ᠵᠡᠭᠦᠤ ᠲᠥᠭᠡᠨᠡᠯᠭᠡ ᠶᠢᠨ ᠰᠠᠯᠠᠭ᠎ᠠ᠂ ᠵᠢᠰᠦ ᠭᠤᠶᠣᠯᠠᠬᠤ ᠰᠠᠯᠠᠭ᠎ᠠ᠂ ᠲᠦᠷᠭᠡᠨ ᠡᠮᠨᠡᠬᠦ ᠡᠮᠨᠡᠯᠭᠡ ᠶᠢᠨ ᠰᠠᠯᠠᠭ᠎ᠠ ᠵᠡᠷᠭᠡ ᠰᠠᠯᠠᠭ᠎ᠠ ᠲᠠᠰᠤᠭ ᠲᠠᠢ᠃
      ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠡᠮᠨᠡᠭᠦᠯᠬᠦ ᠪᠠᠷ ᠢᠷᠡᠭᠰᠡᠨ ᠣᠯᠠᠨ ᠲᠦᠮᠡᠨ ᠲᠠᠰᠤᠷᠠᠯᠲᠠ ᠦᠭᠡᠶ ᠴᠤᠪᠤᠷᠠᠵᠤ᠂ ᠣᠯᠠᠨ ᠢᠶᠠᠷ ᠢᠶᠠᠨ ᠳᠠᠷᠠᠭᠠᠯᠠᠨ ᠳ᠋ᠤᠭᠠᠷᠯᠠᠵᠤ ᠡᠮᠴᠢᠯᠡᠭᠡᠨ ᠤ ᠲᠠᠰᠤᠭ ᠲᠤ ᠣᠷᠣᠵᠤ ᠠᠰᠠᠭᠤᠨ ᠯᠠᠪᠯᠠᠭᠰᠠᠨ ᠳᠤ᠂ ᠮᠡᠷᠭᠡᠵᠢᠯᠲᠡᠨ ᠨᠡᠷ ᠡᠮᠨᠡᠭᠦᠯᠬᠦ ᠪᠠᠷ ᠢᠷᠡᠭᠰᠡᠨ ᠡᠪᠡᠳᠴᠢᠲᠡᠨ ᠳᠤ ᠬᠦᠯᠢᠴᠡᠩᠭᠦᠶ ᠪᠠᠷ ᠨᠠᠷᠢᠨ ᠨᠢᠮᠪᠠᠶ ᠠᠰᠠᠭᠤᠨ ᠪᠠᠶᠢᠴᠠᠭᠠᠯᠲᠠ ᠬᠢᠵᠦ᠂ ᠡᠪᠡᠳᠴᠢᠨ ᠤ ᠲᠡᠤᠬᠡ ᠶᠢ ᠨᠠᠷᠢᠨ ᠬᠢᠨᠠᠮᠠᠭᠠᠶ ᠠᠰᠠᠭᠤᠨ ᠯᠠᠪᠯᠠᠬᠤ ᠶᠢᠨ ᠬᠠᠮᠲᠤ ᠡᠪᠡᠳᠴᠢᠲᠡᠨ ᠤ ᠠᠳᠠᠯᠢ ᠪᠤᠰᠤ ᠡᠪᠡᠳᠴᠢᠨ ᠤ ᠪᠠᠶᠢᠳᠠᠯ ᠳᠤ ᠴᠢᠭᠯᠡᠭᠦᠯᠦᠨ ᠦᠨᠡᠨ ᠬᠦ ᠬᠡᠷᠡᠭᠵᠢᠭᠦᠯᠵᠦ ᠪᠣᠯᠬᠤᠶᠢᠴᠠ ᠥᠪᠡᠷᠮᠢᠴᠡ ᠡᠮᠴᠢᠯᠡᠭᠡᠨ ᠤ ᠲᠥᠰᠦᠯ ᠢ ᠳᠤᠷᠠᠳᠤᠨ ᠭᠠᠷᠭᠠᠬᠤ ᠶᠢᠨ ᠬᠠᠮᠲᠤ ᠡᠪᠡᠳᠴᠢᠲᠡᠨ ᠢ ᠡᠷᠡᠭᠦᠯ ᠴᠢᠭᠢᠷᠠᠭ ᠠᠮᠢᠳᠤᠷᠠᠯ ᠤᠨ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠵᠥᠪ ᠣᠨᠣᠪᠴᠢᠲᠠᠶ ᠡᠮ ᠡᠮᠨᠡᠯᠭᠡ ᠡᠷᠡᠭᠦᠯ ᠬᠠᠮᠠᠭᠠᠯᠠᠯ ᠤᠨ ᠦᠵᠡᠯᠲᠡ ᠲᠠᠢ ᠪᠣᠯᠭᠠᠬᠤ ᠶᠢ ᠢᠳᠡᠪᠬᠢᠲᠡᠶ ᠰᠠᠨᠠᠭᠠᠴᠢᠯᠠᠵᠠᠶ᠃  
     ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠣᠯᠠᠨ ᠲᠦᠮᠡᠨ ᠳᠤ ᠬᠠᠯᠠᠭᠤᠨ ᠳᠤᠯᠠᠭᠠᠨ ᠠᠪᠴᠢᠷᠠᠵᠤ᠂ ᠣᠯᠠᠨ ᠢᠶᠠᠷ ᠢᠶᠠᠨ ᠬᠡᠷ ᠤᠨ ᠡᠭᠦᠳᠡᠨ ᠳᠤ ᠡᠪᠡᠳᠴᠢᠨ ᠦᠵᠡᠭᠦᠯᠵᠦ᠂ ᠲᠣᠮᠣ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠤ ᠦᠶ᠋ᠯᠡᠴᠢᠯᠡᠭᠡ ᠶᠢ ᠭᠥᠷᠳᠡᠵᠦ᠂ ᠡᠳᠦᠷ ᠲᠤᠲᠤᠮ ᠤᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠲᠠᠯ᠎ᠠ ᠪᠠᠷ ᠵᠣᠬᠢᠬᠤ ᠣᠶᠢᠯᠠᠭᠠᠯᠲᠠ ᠲᠠᠢ ᠪᠣᠯᠵᠣ᠂ ︽ᠲᠤᠰᠬᠠᠶ ᠮᠡᠷᠭᠡᠵᠢᠯᠲᠡᠨ ᠳᠤ ᠬᠦᠷᠭᠡᠬᠦ᠂ ᠮᠡᠳᠡᠯᠭᠡ᠂ ᠡᠷᠡᠭᠦᠯ ᠮᠡᠨᠳᠦ ᠳᠤ ᠬᠦᠷᠭᠡᠬᠦ︾ ᠶᠢ ᠦᠨᠡᠨ ᠬᠦ ᠣᠯᠠᠨ ᠲᠦᠮᠡᠨ ᠤ ᠳᠡᠷᠭᠡᠳᠡ ᠬᠦᠷᠭᠡᠭᠰᠡᠨ ᠪᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号