ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠤᠯᠤᠰ ᠤᠨ ᠪᠠᠶᠠᠷ ᠠᠴᠠ ᠡᠮᠦᠨᠡᠬᠢ ᠠᠶᠤᠯᠲᠠᠶ ᠬᠢᠮᠢ ᠶᠢᠨ ᠪᠣᠳᠠᠰ ᠤᠨ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/9/29
     ᠤᠯᠤᠰ ᠤᠨ ᠪᠠᠶᠠᠷ ᠬᠦᠷᠴᠦ ᠢᠷᠡᠬᠦ ᠲᠠᠰᠢᠷᠠᠮ ᠳᠤ᠂ ᠪᠠᠶᠠᠷ ᠤᠨ ᠬᠤᠭᠤᠴᠠᠭᠠᠨ ᠳᠠᠬᠢ ᠠᠶᠤᠯᠭᠦᠶ  ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠢᠭᠡᠳ ᠠᠵᠤ  ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠠᠮᠲᠤᠷᠠᠨ ᠪᠥᠬᠦ ᠬᠤᠰᠢᠭᠤᠨ ᠤ ᠠᠶᠤᠯᠲᠠᠶ ᠬᠢᠮᠢ ᠶᠢᠨ ᠪᠣᠳᠠᠰ ᠤᠨ ᠠᠵᠤ ᠠᠬᠤᠶᠢᠯᠠᠯ ᠳᠤ ᠪᠠᠶᠠᠷ ᠤᠨ ᠡᠳᠦᠷ ᠠᠴᠠ ᠡᠮᠦᠨᠡᠬᠢ ᠠᠶᠤᠯᠭᠦᠶ  ᠦᠢᠯᠡᠪᠦᠷᠢᠯᠡᠯ ᠤᠨ ᠲᠤᠰᠬᠠᠶ ᠪᠠᠶᠢᠴᠠᠭᠠᠯᠲᠠ ᠶᠢ ᠥᠷᠨᠢᠭᠦᠯᠪᠡ᠃
      ᠪᠠᠶᠢᠴᠠᠭᠠᠬᠤ ᠶᠠᠪᠤᠴᠠ ᠳᠤ ᠠᠵᠤ ᠠᠬᠤᠶᠢᠯᠠᠯ ᠤᠨ ᠳᠦᠷᠢᠮ ᠲᠣᠭᠲᠠᠭᠠᠯ᠂ ᠠᠵᠢᠯᠯᠠᠬᠤ ᠳᠦᠷᠢᠮ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠡᠬᠡ ᠳᠠᠩᠰᠠ ᠶᠢᠨ ᠮᠠᠲ᠋ᠧᠷᠢᠶᠠᠯ ᠪᠠ ᠠᠵᠢᠯᠯᠠᠬᠤ ᠲᠠᠯᠠᠪᠤᠷ ᠲᠤ ᠪᠠᠶᠢᠴᠠᠭᠠᠯᠲᠠ ᠬᠢᠨ᠎ᠡ᠃ ᠢᠯᠡᠷᠡᠭᠦᠯᠦᠭᠰᠡᠨ ᠠᠰᠠᠭᠤᠳᠠᠯ ᠤᠨ ᠬᠡᠮ ᠰᠣᠭᠤᠭ ᠢ ᠲᠤᠬᠠᠶ ᠶᠢᠨ ᠭᠠᠵᠠᠷ ᠲᠤᠨᠢ ᠬᠠᠷᠢᠭᠤ ᠲᠤᠰᠬᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠠᠵᠤ ᠠᠬᠤᠶᠢᠯᠠᠯ ᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠤᠯᠤᠰ ᠤᠨ ᠪᠠᠶᠠᠷ ᠤᠨ ᠬᠤᠭᠤᠴᠠᠭᠠᠨ ᠳᠤ ᠵᠢᠵᠢᠭᠦᠷᠯᠡᠨ ᠵᠢᠵᠢᠭᠦᠷᠯᠡᠬᠦ ᠶᠢ ᠴᠢᠩᠭᠠᠳᠬᠠᠨ᠂ ᠠᠶᠤᠯᠭᠦᠶ  ᠦᠢᠯᠡᠳᠪᠦᠷᠢᠯᠡᠯ ᠤᠨ ᠠᠰᠠᠭᠤᠳᠠᠯ ᠡᠭᠦᠰᠬᠦ ᠥᠬᠡᠶ ᠪᠠᠶᠢᠬᠤ ᠶᠢ ᠪᠠᠲᠤᠯᠠᠵᠤ᠂ ᠪᠥᠬᠦ ᠬᠤᠰᠢᠭᠤᠨ ᠤ ᠠᠷᠠᠳ ᠲᠦᠮᠡᠨ ᠳᠤ ᠠᠮᠤᠷ ᠲᠣᠭᠲᠠᠭᠤᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号