ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ  ︽ᠲᠦᠪ ᠤᠨ ᠦᠨᠳᠦᠰᠦᠳᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠰᠤᠷᠳᠠᠯᠴᠢᠯᠠᠨ ᠮᠠᠯᠴᠢᠳ ᠲᠤ ᠭᠡᠷ ᠤᠨ ᠬᠦᠮᠦᠵᠢᠯ ᠤᠨ ᠵᠢᠭᠠᠨ ᠵᠢᠯᠤᠭᠤᠳᠤᠯᠭ᠎ᠠ ᠬᠢᠬᠦ︾ ᠬᠦᠳᠡᠯᠭᠡᠭᠡᠨ  ᠦᠷᠨᠢᠭᠦᠯᠪᠡ
ᠨᠡᠶᠢᠲᠡᠯᠡᠭᠰᠡᠨ ᠴᠠᠭ᠄
2021/9/29
     ᠤᠶᠢᠷ᠎ᠠ ᠳᠤ᠂ ᠲᠠᠷᠬᠠᠨ ᠮᠤᠤᠮᠢᠩᠭᠠᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠬᠤᠰᠢᠭᠤᠨ ᠤ ᠦᠨᠳᠦᠰᠦᠳᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠰᠤᠷᠳᠠᠯᠴᠢᠯᠠᠨ ᠮᠠᠯᠴᠢᠳ ᠲᠤ ᠭᠡᠷ ᠤᠨ ᠬᠦᠮᠦᠵᠢᠯ  ᠤᠨ  ᠵᠢᠭᠠᠨ ᠵᠢᠯᠤᠭᠤᠳᠤᠯᠭ᠎ᠠ ᠬᠢᠬᠦ︾ ᠠᠷᠠᠳᠴᠢᠯᠠᠭᠰᠠᠨ ᠵᠦᠪᠯᠡᠯᠭᠡᠨ ᠤ ᠲᠡᠳ᠋ ᠲᠡᠷᠢᠭᠦᠯᠦᠭᠴᠢ ᠡᠤ ᠼᠦᠨ ᠪᠤᠤ ᠵᠢᠴᠢ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠳᠠᠳ ᠤᠷᠤᠯᠴᠠᠵᠦ᠂ ᠬᠤᠰᠢᠭᠤᠨ ᠤ ᠤᠯᠤᠰ ᠲᠦᠷᠦ  ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠰᠠᠷᠠᠩᠭᠤᠸ᠎ᠠ ᠬᠦᠳᠡᠯᠭᠡᠭᠡᠨ ᠢ ᠡᠷᠬᠢᠯᠡᠪᠡ᠃
     ᠬᠦᠳᠡᠯᠭᠡᠭᠡᠨ ᠳᠤ᠂ ᠬᠤᠰᠢᠭᠤ ᠨᠠᠮ ᠤᠨ ᠬᠤᠷᠢᠶᠠᠨ ᠤ ᠯᠢᠺᠲ᠋ᠤᠷ ᠰᠢ ᠶᠢᠨ ᠫᠢᠩ ᠶᠡᠷᠦᠩᠭᠡᠢ ᠱᠦᠵᠢ ᠶᠢᠨ ᠲᠦᠪ ᠤᠨ ᠦᠨᠳᠦᠰᠦᠳᠡᠨ ᠤ ᠠᠵᠢᠯ ᠤᠨ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠠᠶᠢᠯᠪᠤᠷᠢᠯᠠᠵᠦ᠂ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠠ ᠶᠢᠨ ᠠᠵᠢᠯᠳᠠᠳ ᠠᠴᠠ ᠭᠡᠷ ᠪᠦᠯᠢ ᠶᠢᠨ ᠬᠦᠮᠦᠵᠢᠯ ᠤᠨ ᠲᠤᠪᠴᠢᠶ᠎ᠠ ᠠᠵᠢᠯᠳᠠᠳ ᠠᠴᠠ ᠭᠡᠷ ᠪᠦᠯᠢ ᠶᠢᠨ ᠬᠦᠮᠦᠵᠢᠯ ᠤᠨ ᠲᠤᠬᠠᠢ ᠰᠡᠳᠦᠪᠳᠦ ᠵᠢᠭᠠᠨ ᠵᠢᠯᠤᠭᠤᠳᠤᠯᠭ᠎ᠠ ᠬᠢᠪᠡ᠃
     ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠠᠵᠢᠯᠴᠢᠨ᠂ ᠡᠪ ᠬᠠᠮᠳᠦ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠠᠵᠢᠯ ᠤᠨ ᠬᠤᠯᠪᠤᠭ᠎ᠠ᠂ ᠨᠡᠶᠢᠭᠡᠮ ᠤᠨ ᠠᠰᠠᠷᠠᠯᠵᠢ ᠶᠢᠨ ᠡᠳᠡᠭᠡᠳ ᠪᠤᠯᠤᠨ  ᠿᠧᠨ ᠡᠾᠧ ᠡᠮ  ᠤᠨ ᠦᠢᠯᠡᠰ ᠤᠨ ᠪᠠᠢ ᠯᠢᠩ ᠺᠠᠩ ᠺᠤᠮᠫᠠᠨᠢ ᠲᠠᠢ ᠬᠤᠯᠪᠤᠭᠠᠯᠠᠨ ᠮᠤᠩᠭᠤᠯ ᠰᠤᠷᠭᠠᠭᠤᠯᠢ᠂ ᠦᠨᠳᠦᠰᠦᠳᠡᠨ ᠤ ᠬᠡᠥᠬᠡᠳ ᠤᠨ ᠴᠡᠴᠡᠷᠯᠢᠭ᠂ ᠮᠤᠩᠭᠤᠯ ᠦᠨᠳᠦᠰᠦᠳᠡᠨ ᠤ ᠬᠡᠥᠬᠡᠳ ᠤᠨ ᠴᠡᠴᠡᠷᠯᠢᠭ ᠲᠤ ᠲᠦᠮᠡᠨ ᠲᠦᠭᠦᠷᠢᠭ ᠤᠨ ᠦᠷᠳᠡᠭ ᠪᠦᠬᠦᠢ ᠪᠠᠭ᠎ᠠ ᠰᠤᠷᠭᠠᠭᠤᠯᠢ ᠪᠠ ᠴᠡᠴᠡᠷᠯᠢᠭ ᠤᠨ ᠬᠡᠥᠬᠡᠳ ᠤᠨ ᠬᠢᠴᠢᠶᠡᠯ ᠤᠨ ᠭᠠᠳᠠᠨᠠᠬᠢ ᠤᠩᠰᠢᠬᠤ ᠨᠤᠮ ᠪᠡᠯᠭᠡᠯᠡᠭᠰᠡᠨ ᠪᠠᠶᠢᠨ᠎ᠠ᠃
     ᠬᠦᠳᠡᠯᠬᠡᠬᠡᠨ ᠳᠤ ᠲᠦᠪ ᠤᠨ ᠦᠨᠳᠦᠰᠦᠳᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢᠨ ᠴᠢᠬᠤᠯᠠ ᠠᠴᠢ ᠬᠤᠯᠪᠤᠭᠳᠠᠯ ᠢ ᠬᠦᠢᠴᠡᠳ ᠲᠠᠨᠢᠬᠤ ᠶᠢ ᠴᠢᠬᠤᠯᠴᠢᠯᠠᠵᠦ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠡᠷᠬᠡᠪᠰᠢ ᠭᠡᠷ ᠪᠦᠯᠢ ᠶᠢᠨ ᠬᠦᠮᠦᠵᠢᠯ ᠤᠨ ᠠᠵᠢᠯ ᠤᠨ ᠪᠠᠴᠢᠮ ᠲᠤᠯᠭᠠᠮ᠎ᠠ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠦ᠂ ᠲᠤᠮᠳᠠᠳᠦ ᠶᠢᠨ ᠦᠨᠳᠦᠰᠦᠳᠡᠨ ᠤ ᠬᠠᠮᠳᠦ ᠴᠤᠭᠴᠠ ᠶᠢᠨ ᠤᠬᠠᠮᠰᠠᠷ ᠢ ᠪᠠᠳᠦ ᠴᠤᠭᠴᠠᠯᠠᠬᠤ ᠭᠤᠤᠯ ᠱᠤᠭᠤᠮ ᠤᠨ ᠲᠤᠭᠤᠷᠢᠨ ᠳᠤ ︽ᠠᠷᠠᠳ ᠤᠨ ᠲᠦᠯᠦᠭᠡ ᠵᠦᠪᠳᠡᠯᠴᠡᠬᠦ︾  ᠴᠢᠨᠠᠷ ᠴᠢᠨᠰᠠᠭ᠎ᠠ ᠪᠤᠯᠤᠨ ᠬᠢᠷᠢ ᠲᠦᠪᠰᠢᠨ ᠢ ᠲᠡᠭᠡᠭᠰᠢᠯᠡᠭᠦᠯᠵᠦ᠂ ᠭᠡᠷ ᠪᠦᠯᠢ ᠶᠢᠨ ᠬᠦᠮᠦᠵᠢᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠦ᠂ ᠭᠡᠷ ᠪᠦᠯᠢ ᠪᠠᠨ ᠴᠢᠬᠤᠯᠠᠴᠢᠯᠠᠨ᠂ ᠭᠡᠷ ᠪᠦᠯᠢ ᠶᠢᠨ ᠬᠦᠮᠦᠵᠢᠯ ᠢ ᠬᠦᠨᠳᠦᠳᠬᠡᠵᠦ᠂ ᠭᠡᠷ ᠪᠦᠯᠢ ᠶᠢᠨ ᠬᠡᠪ ᠰᠤᠷᠳᠠᠯ ᠢ ᠴᠢᠬᠤᠯᠠᠴᠢᠯᠠᠬᠤ ᠰᠢᠯᠢᠳᠡᠭ ᠰᠠᠶᠢᠨ ᠤᠷᠴᠢᠨ ᠲᠤᠭᠤᠷᠢᠨ ᠢ ᠪᠤᠢ ᠪᠤᠯᠭᠠᠨ᠂ ᠭᠡᠷ ᠪᠦᠯᠢ ᠪᠦᠷᠢ ᠦᠨᠳᠦᠰᠦᠳᠡᠨ ᠤ ᠲᠠᠪᠰᠢᠯᠳᠠ᠂ ᠨᠡᠶᠢᠭᠡᠮ ᠤᠨ ᠡᠶ᠎ᠡ ᠵᠤᠬᠢᠴᠠᠯ ᠤᠨ ᠴᠢᠬᠤᠯᠠ ᠰᠠᠭᠤᠷᠢ ᠴᠢᠭ ᠪᠤᠯᠬᠤ ᠬᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号