ᠬᠤᠰᠢᠭᠤᠨ  ᠤ ᠠᠵᠢᠯᠴᠢᠨ ᠤ ᠶᠡᠷᠤᠩᠭᠡᠢ ᠡᠪᠯᠡᠯ ︽ᠨᠠᠶᠢᠮᠠᠨ ᠠᠵᠢᠯ ᠲᠦᠷᠦᠯ ᠤᠨ ᠬᠦᠮᠦᠰ︾ ᠢ ᠬᠠᠯᠠᠮᠵᠢᠯᠠᠨ ᠲᠤᠬᠤᠨᠢᠭᠤᠯᠤᠭᠰᠠᠨ
ᠨᠡᠶᠢᠲᠡᠯᠡᠭᠰᠡᠨ ᠴᠠᠭ᠄
2021/9/3
     ᠠᠵᠢᠯᠴᠢᠨ ᠤ ᠶᠡᠷᠤᠩᠭᠡᠢ ᠡᠪᠯᠡᠯ ᠤᠨ ᠪᠠᠶᠢᠩᠭᠤ ᠶᠢᠨ ᠶᠠᠪᠤᠳᠠᠯ ᠤᠨ ᠲᠡᠳ᠋ ᠲᠡᠷᠢᠭᠦᠯᠡᠭᠴᠢ ᠰᠡᠷᠭᠦᠯᠡᠩ᠂ ᠲᠡᠳ᠋ ᠲᠡᠷᠢᠭᠦᠯᠡᠭᠴᠢ ᠲᠠᠪᠰᠢᠯᠳᠦ ︽ᠨᠠᠶᠢᠮᠠᠨ ᠠᠵᠢᠯ ᠲᠦᠷᠦᠯ ᠤᠨ ᠬᠦᠮᠦᠰ︾ ᠤᠨ ᠲᠤᠳᠤᠷᠠᠬᠢ ᠰᠦᠯᠵᠢᠶ᠎ᠡ ᠪᠠᠷ ᠬᠤᠭᠤᠯᠠ ᠬᠦᠷᠭᠡᠭᠴᠢᠳ᠂ ᠠᠮᠤᠷ ᠢ ᠬᠠᠮᠠᠭᠠᠯᠠᠭᠴᠢᠳ ᠢ ᠲᠤᠬᠤᠨᠢᠭᠤᠯᠵᠦ᠂ ᠲᠡᠳᠡᠨ ᠤ ᠦᠢᠯᠡᠳᠪᠦᠷᠢᠯᠡᠯ ᠠᠮᠢᠳᠤᠷᠠᠯ ᠢ ᠬᠠᠯᠠᠮᠵᠢᠯᠠᠨ ᠠᠰᠠᠭᠤᠵᠦ ᠡᠳᠦ ᠲᠤᠳᠤᠮ ᠤᠨ ᠬᠡᠷᠭᠯᠡᠭᠡᠨ ᠤ ᠪᠤᠳᠠᠰ ᠬᠦᠷᠭᠡᠭᠰᠡᠨ ᠪᠠᠶᠢᠨ᠎ᠠ᠃
     ᠲᠤᠬᠤᠨᠢᠭᠤᠯᠭ᠎ᠠ ᠶᠢᠨ ᠶᠠᠪᠤᠴᠠ ᠳᠤ ᠠᠵᠢᠯᠴᠢᠨ ᠤ ᠶᠡᠷᠤᠩᠭᠡᠢ ᠡᠪᠯᠡᠯ ᠤᠨ ᠪᠠᠶᠢᠩᠭᠤ ᠶᠢᠨ ᠶᠠᠪᠤᠳᠠᠯ ᠤᠨ ᠲᠡᠳ᠋ ᠲᠡᠷᠢᠭᠦᠯᠡᠭᠴᠢ ᠲᠠᠪᠰᠢᠯᠳᠦ ᠠᠴᠠ ᠮᠧᠩ ᠬᠤᠤ ᠭᠡᠷ ᠠᠬᠤᠢ ᠶᠢᠨ ᠦᠢᠯᠡᠴᠢᠯᠡᠭᠡᠨ ᠤ ᠬᠢᠵᠠᠭᠠᠷᠳᠦ ᠺᠤᠮᠫᠠᠨᠢ ᠶᠢᠨ ᠠᠮᠤᠷ ᠢ ᠬᠠᠮᠠᠭᠠᠯᠠᠭᠴᠢᠳ᠂ ᠮᠸᠢ ᠲᠤᠸᠠᠨ ᠰᠦᠯᠵᠢᠶ᠎ᠡ ᠪᠠᠷ ᠬᠤᠭᠤᠯᠠ ᠬᠦᠷᠭᠡᠬᠦ ᠭᠠᠵᠠᠷ ᠤᠨ ᠠᠵᠢᠯᠳᠠᠳ ᠲᠠᠢ ᠬᠠᠯᠠᠭᠤᠮᠰᠤᠭ ᠢᠶᠠᠷ ᠶᠠᠷᠢᠯᠴᠠᠵᠦ᠂ ᠲᠡᠳᠡᠨ ᠤ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠲᠢᠭᠯᠢᠮ ᠳᠤ ᠦᠵᠡᠭᠦᠯᠦᠭᠰᠡᠨ ᠴᠢᠷᠮᠠᠶᠢᠯᠭ᠎ᠠ ᠶᠢ ᠦᠨᠳᠦᠷ ᠦᠨᠡᠯᠡᠬᠦ ᠶᠢᠨ ᠬᠠᠮᠳᠦ ᠡᠯ᠎ᠡ ᠪᠠᠶᠢᠭᠤᠯᠭ᠎ᠠ ᠶᠢᠨ ᠡᠵᠡᠩᠨᠡᠯᠳᠡ ᠬᠠᠮᠢᠶᠠᠷᠤᠯᠳᠠ ᠶᠢᠨ ᠪᠠᠶᠢᠳᠠᠯ ᠵᠢᠴᠢ ᠠᠵᠢᠯᠳᠠᠳ ᠤᠨ ᠠᠵᠢᠯ ᠠᠮᠢᠳᠤᠷᠠᠯ ᠤᠨ ᠪᠠᠶᠢᠳᠠᠯ  ᠢ ᠨᠠᠷᠢᠨ ᠤᠶᠢᠯᠠᠭᠠᠵᠦ᠂ ᠡᠯ᠎ᠡ ᠠᠵᠦ  ᠠᠬᠤᠶᠢᠯᠠᠯ ᠤᠨ ᠠᠵᠢᠯᠴᠢᠨ ᠤ ᠡᠪᠯᠡᠯ   ᠢ ᠠᠵᠢᠯᠳᠠᠳ ᠲᠤ ᠨᠡᠩ ᠰᠠᠶᠢᠨ ᠰᠢᠯᠢᠳᠡᠭ ᠦᠢᠯᠡᠴᠢᠯᠡᠭᠡ ᠬᠠᠩᠭᠠᠭᠠᠷᠠᠢ ᠭᠡᠵᠦ ᠵᠠᠬᠢᠭᠰᠠᠨ ᠪᠠᠶᠢᠨ᠎ᠠ᠃
     ᠲᠤᠰ ᠤᠳᠠᠭᠠᠨ ᠤ ︽ᠨᠠᠶᠢᠮᠠᠨ ᠠᠵᠢᠯ ᠲᠦᠷᠦᠯ ᠤᠨ ᠬᠦᠮᠦᠰ︾ ᠢ ᠲᠤᠬᠤᠨᠢᠭᠤᠯᠤᠭᠰᠠᠨ  ᠬᠦᠳᠡᠯᠭᠡᠭᠡᠨ ᠨᠢ ᠲᠡᠳᠡᠨ ᠳᠤ ᠡᠳ᠋ ᠪᠤᠳᠠᠰ ᠤᠨ ᠲᠤᠬᠤᠨᠢᠭᠤᠯᠭ᠎ᠠ ᠪᠤᠯᠤᠭᠰᠠᠨ ᠢᠶᠠᠷ ᠪᠠᠷᠠᠬᠤ ᠦᠭᠡᠢ ᠠᠵᠢᠯᠴᠢᠨ ᠤ ᠶᠡᠷᠤᠩᠬᠡᠢ ᠡᠪᠯᠡᠯ  ᠤᠨ ᠦᠨᠳᠦᠰᠦᠨ ᠱᠠᠳᠤᠨ ᠤ ᠠᠵᠢᠯᠴᠢᠳ ᠲᠤ ᠬᠦᠷᠭᠡᠭᠰᠡᠨ ᠬᠠᠶᠢᠷ᠎ᠠ ᠬᠠᠯᠠᠮᠵᠢ ᠪᠤᠯᠤᠨ᠎ᠠ᠂ ᠬᠤᠶᠢᠰᠢᠳᠠ ᠶᠢᠨ ᠠᠵᠢᠯ ᠲᠤᠮᠳᠠ ᠪᠠᠨ ᠠᠵᠢᠯᠴᠢᠨ ᠤ ᠶᠡᠷᠤᠩᠭᠡᠢ ᠡᠪᠯᠡᠯ ︽ᠨᠠᠶᠢᠮᠠᠨ ᠠᠵᠢᠯ ᠲᠦᠷᠦᠯ ᠤᠨ ᠬᠦᠮᠦᠰ︾ ᠢ ᠠᠵᠢᠯᠴᠢᠨ ᠤ ᠡᠪᠯᠡᠯ  ᠳᠤ ᠡᠯᠰᠡᠬᠦ ᠬᠦᠴᠦᠯᠡᠴᠡ ᠪᠠᠨ ᠶᠡᠬᠡᠰᠭᠡᠨ᠂ ᠠᠵᠢᠯᠴᠢᠳ ᠲᠤ ᠦᠢᠯᠡᠴᠢᠯᠡᠬᠦ ᠠᠵᠢᠯᠯᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠬᠤ ᠪᠠᠷ ᠪᠤᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号