ᠬᠤᠰᠢᠭᠤᠨ ᠤ ᠨᠠᠮ ᠤᠨ ᠬᠤᠷᠢᠶᠠᠨ ᠤ ᠪᠠᠶᠢᠩᠬᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠵᠢᠶᠠ ᠪᠦᠦ ᠯᠢᠶᠠᠩ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2021/9/3
      9 ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠢᠨ ᠨᠢᠭᠡᠳᠦᠭᠡᠷ ᠬᠤᠷᠠᠯ ᠤᠨ ᠵᠣᠷᠢᠭ ᠰᠠᠨᠠᠭ᠎ᠠ ᠪᠠ 8 ᠰᠠᠷ᠎ᠠ ᠶᠢᠨ 31 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ 263 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠪᠥᠬᠦ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠰᠢᠭᠤᠨ ᠤ ᠵᠠᠬᠢᠳᠠᠯ ᠰᠤᠷᠪᠤᠯᠵᠢᠯᠠᠭ᠎ᠠ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠷᠠᠯ ᠡᠷᠭᠢᠯᠡᠪᠡ᠃
      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠬᠤᠰᠢᠭᠤ ᠪᠠᠷ ᠢᠶᠠᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠢᠨ ᠨᠢᠭᠡᠳᠦᠭᠡᠷ ᠤᠳᠠᠭ᠎ᠠ ᠶᠢᠨ ᠬᠤᠷᠠᠯ᠂ 8 ᠰᠠᠷ᠎ᠠ ᠶᠢᠨ 31 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠰᠠᠶᠢᠲᠤᠷ ᠠᠳᠬᠤᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠲᠥᠪ ᠤᠨ ᠭᠤᠤᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠭᠦᠨᠵᠡᠭᠡᠶ ᠣᠨᠣᠪᠴᠢᠲᠠᠶ ᠡᠵᠡᠮᠳᠡᠵᠦ᠂ ᠮᠠᠨ ᠤ ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠡᠷᠬᠡ ᠲᠡᠭᠰᠢ ᠥᠷᠢᠰᠥᠯᠳᠦᠭᠡᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠪᠠᠶᠢᠯᠳᠤᠬᠤ ᠪᠣᠳᠣᠯᠭ᠎ᠠ ᠪᠠ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠵᠦ᠂ ᠥᠭᠡᠷᠡᠴᠢᠯᠡᠯᠲᠡ ᠶᠢᠨ ᠦᠷᠭᠦᠯᠵᠢᠯᠡᠨ ᠭᠦᠨᠵᠡᠭᠡᠶᠢᠷᠡᠬᠦ ᠶᠢ ᠠᠬᠢᠭᠤᠯᠤᠨ᠎ᠠ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠤᠷᠭᠠᠨ ᠬᠥᠮᠦᠵᠢᠯ ᠤᠨ ᠦᠢᠯᠡᠰ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ᠥᠷᠭᠡᠨ ᠤᠯᠠᠨ ᠪᠠᠭᠰᠢ ᠨᠠᠷ ᠤᠨ ᠰᠤᠷᠭᠠᠨ ᠬᠥᠮᠦᠵᠢᠯ ᠤᠨ ᠦᠢᠯᠡᠰ ᠢ ᠬᠠᠶᠢᠷᠠᠯᠠᠬᠤ ᠢᠳᠡᠪᠬᠢᠵᠢᠯ ᠢ ᠬᠥᠭᠵᠢᠭᠡᠵᠦ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃      ᠬᠤᠷᠠᠯ ᠠᠴᠠ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠬᠢᠵᠢᠭᠦᠯᠬᠦ ᠤᠬᠠᠮᠰᠠᠷ ᠤᠨ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠬᠦ ᠠᠵᠢᠯ ᠢ ᠰᠠᠶᠢᠲᠤᠷ ᠬᠢᠵᠦ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤᠪᠠᠷ ᠪᠦᠳᠦᠭᠡᠨ ᠪᠠᠶᠢᠭᠤᠯᠵᠤ᠂ ᠰᠠᠶᠢᠨ ᠰᠠᠶᠢᠬᠠᠨ ᠢᠷᠡᠭᠡᠳᠦᠢ ᠪᠠᠨ ᠬᠠᠮᠲᠤᠪᠠᠷ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠠᠵᠢᠯ ᠤᠨ ᠠᠷᠭ᠎ᠠ ᠬᠡᠮᠵᠢ᠊ ᠡᠶ᠎ᠡ ᠶᠢ ᠪᠣᠳᠠᠲᠠᠢ ᠠᠳᠬᠤᠵᠤ᠂ ︽ᠬᠤᠶᠠᠷ ᠥᠨᠳᠥᠷ︾ ᠲᠦᠷᠦᠯ ᠵᠦᠢᠯ ᠤᠨ ᠰᠣᠬᠤᠷ ᠪᠠᠯᠠᠢ ᠪᠠᠷ ᠬᠥᠭᠵᠢᠬᠦ ᠶᠢ ᠡᠷᠡᠰ ᠬᠤᠷᠢᠭᠯᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠳᠤ ᠪᠦᠬᠦ ᠲᠠᠯ᠎ᠠ ᠪᠠᠷ ᠠᠭᠤᠰᠤᠯᠴᠠᠵᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ ᠬᠡᠷᠡᠭᠲᠡᠢ᠃ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠠᠵᠤ ᠠᠬᠤᠢ ᠨᠡᠶᠢᠭᠡᠮ ᠤᠨ ᠪᠠᠶᠢᠭᠤᠯᠤᠯᠲᠠ ᠶᠢᠨ ᠡᠯ᠎ᠡ ᠬᠦᠷᠢᠶᠡᠨ ᠳᠤ ᠠᠭᠤᠰᠤᠯᠴᠠᠭᠤᠯᠵᠤ᠂ ᠨᠠᠮ ᠤᠨ ᠪᠠᠶᠢᠭᠤᠯᠤᠯᠲᠠ ᠶᠢᠨ ᠡᠯ᠎ᠡ ᠲᠠᠯ᠎ᠠ ᠳᠤ ᠲᠤᠤᠱᠯᠠᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠬᠦᠴᠦᠯᠡᠨ ᠪᠤᠢ ᠪᠣᠯᠭᠠᠬᠤ ᠬᠡᠷᠡᠭᠲᠡᠢ᠃ ᠴᠢᠩᠭ᠎ᠠ ᠬᠠᠮᠢᠶᠠᠷᠴᠤ ᠵᠤᠵᠠᠭᠠᠨ ᠬᠠᠶᠢᠷᠠᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ᠂ ᠨᠡᠷ᠎ᠡ ᠶᠢ ᠲᠥᠪ ᠪᠣᠯᠭᠠᠬᠤ᠂ ᠬᠠᠯᠠᠮᠵᠢᠯᠠᠨ ᠬᠠᠶᠢᠷᠠᠯᠠᠵᠤ ᠬᠠᠷᠢᠭᠤ ᠰᠤᠷᠪᠤᠯᠵᠢᠯᠠᠬᠤ ᠵᠡᠷᠭᠡ ᠲᠣᠭᠲᠠᠴᠠ ᠪᠠᠷ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠵᠣᠷᠢᠭᠵᠢᠭᠤᠯᠵᠤ᠂ ᠺᠠᠳ᠋ᠷᠴᠤᠳ ᠢ ᠬᠠᠪᠰᠤᠷᠤᠨ ᠰᠤᠷᠭᠠᠮᠵᠢ ᠠᠪᠴᠤ᠂ ᠴᠤᠭ ᠰᠦᠯᠳᠡ ᠶᠢ ᠨᠢ ᠪᠠᠳᠠᠷᠠᠭᠤᠯᠵᠤ ᠂ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠢ ᠡᠷᠴᠢᠮᠲᠡᠢ ᠪᠤᠢ ᠪᠣᠯᠭᠠᠬᠤ ᠬᠡᠷᠡᠭᠲᠡᠢ᠃      ᠬᠤᠷᠠᠯ ᠠᠴᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ᠥᠨᠳᠥᠷ ᠲᠦᠪᠰᠢᠨ ᠲᠠᠢ ᠬᠠᠤᠯᠢᠵᠢᠯ ᠢᠶᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠬᠦᠴᠦᠲᠡᠢ ᠪᠦᠲᠦᠮᠵᠢᠲᠡᠢ ᠠᠷᠭ᠎ᠠ ᠬᠡᠮᠵᠢ᠊ ᠡᠶ᠎ᠡ ᠠᠪᠴᠤ᠂ ᠨᠡᠶᠢᠭᠡᠮ ᠤᠨ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠳᠤᠪᠤᠶᠢᠮ᠎ᠠ ᠵᠥᠷᠢᠴᠡᠯ ᠢ ᠵᠣᠬᠢᠰᠲᠠᠢ ᠰᠢᠢᠳᠪᠦᠷᠢᠯᠡᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠬᠡᠷᠡᠭᠲᠡᠢ᠃ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠯᠠᠪᠳᠠᠭᠤᠨ ᠪᠠᠲᠤᠲᠠᠢ ᠥᠷᠨᠢᠭᠦᠯᠵᠦ᠂ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠤᠨᠢᠨ ᠳᠡᠭᠡᠷ᠎ᠡ ᠨᠢ ᠨᠠᠷᠢᠯᠢᠭ ᠪᠠᠶᠢᠬᠤ ᠶᠢ ᠴᠢᠬᠤᠯᠠᠴᠢᠯᠠᠵᠤ᠂ ᠤᠯᠠᠨ ᠲᠦᠮᠡᠨ ᠤ ᠬᠢᠨᠠᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠣᠳᠠᠲᠠᠢ ᠶᠠᠪᠤᠳᠠᠯ ᠢ ᠰᠠᠶᠢᠲᠤᠷ ᠬᠢᠵᠦ᠂ ᠤᠯᠠᠨ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠬᠡᠷᠡᠭᠲᠡᠢ᠃       ᠬᠤᠷᠠᠯ ᠠᠴᠠ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠵᠠᠰᠠᠭ ᠤᠨ ᠤᠳᠤᠷᠢᠳᠬᠤ ᠪᠠᠭ ᠤᠨ ︿ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ﹀ ᠲᠦᠷᠦᠯ ᠵᠦᠢᠯ ᠤᠨ ᠨᠠᠷᠢᠨ ᠳᠠᠩᠰᠠ︾ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 37 ᠳ᠋ᠤᠭᠠᠷ ᠪᠠᠭᠰᠢ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠶᠢᠨ ᠲᠥᠰᠦᠯ︾ ᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号