ᠬᠥᠳᠡᠭᠡ ᠲᠣᠰᠬᠤᠨ ᠳᠤ ᠬᠦᠷᠴᠦ ᠴᠢᠨᠡᠭᠡᠯᠢᠭᠵᠢᠭᠰᠡᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠮᠡᠷᠭᠡᠵᠢᠯ ᠢᠶᠠᠷ ᠲᠠᠷᠢᠶᠠᠯᠠᠩ ᠢ ᠳᠡᠮᠵᠢᠵᠦ ᠣᠷᠣᠯᠭ᠎ᠠ ᠶᠢ ᠨᠡᠮᠡᠭᠳᠡᠭᠦᠯᠬᠦ 
ᠨᠡᠶᠢᠲᠡᠯᠡᠭᠰᠡᠨ ᠴᠠᠭ᠄
2021/9/7
     ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ  ᠰᠢᠷᠠᠮᠦᠷᠡᠨ ᠪᠠᠯᠭᠠᠰᠤ ᠶᠢᠨ ᠬᠦᠬᠡᠳᠡᠷᠡᠰᠦ ᠭᠠᠴᠠᠭ᠎ᠠ ᠶᠢᠨ ᠲᠥᠮᠥᠰᠥ ᠤᠰᠤ ᠪᠤᠷᠳᠤᠭᠤᠷ ᠢ ᠨᠢᠭᠡ ᠴᠤᠬᠴᠠᠵᠢᠭᠤᠯᠤᠬᠰᠠᠨ ᠳᠤᠰᠤᠯᠭᠠᠨ ᠤᠰᠤᠯᠠᠬᠤ ᠲᠦᠷᠦᠯ ᠵᠦᠢᠯ ᠤᠨ ᠲᠤᠷᠰᠢᠯᠲᠠ ᠶᠢᠨ ᠣᠷᠣᠨ ᠳᠤ ᠣᠷᠣᠬᠤ ᠳᠤ᠂ ᠨᠢᠭᠡ ᠰᠠᠭᠤᠷᠢ ᠲᠥᠮᠥᠰᠥ ᠶᠢᠨ ᠨᠠᠪᠴᠢ ᠨᠠᠮᠠᠭ᠎ᠠ ᠨᠢ ᠨᠣᠭᠤᠭᠠᠨ᠂ ᠵᠠᠷᠢᠮ ᠨᠠᠪᠴᠢᠨ ᠤ ᠬᠡᠯᠪᠡᠷᠢ ᠨᠢ ᠲᠥᠭᠦᠷᠢᠭ ᠬᠡᠯᠪᠡᠷᠢᠲᠡᠢ᠂ ᠵᠠᠷᠢᠮ ᠨᠠᠪᠴᠢᠨ ᠤ ᠮᠢᠬ᠎ᠠ ᠨᠢ ᠵᠤᠵᠠᠭᠠᠨ᠂ ᠬᠠᠷᠠᠬᠤ ᠳᠤ ᠨᠣᠭᠤᠭᠠᠨ ᠦᠩᠭᠡ ᠶᠢᠨ ᠨᠢᠯᠬ᠎ᠠ ᠴᠢᠬᠢ ᠨᠢ ᠬᠦᠬᠡ ᠲᠩᠷᠢ ᠴᠠᠭᠠᠨ ᠡᠭᠦᠯᠡ ᠲᠠᠢ ᠠᠯᠠᠭᠯᠠᠨ᠂ ᠵᠢᠷᠤᠭ ᠳᠦᠷᠰᠦ ᠨᠢ ᠮᠠᠰᠢ ᠭᠤᠶᠤ ᠬᠠᠷᠠᠭᠳᠠᠨ᠎ᠠ᠃ ᠲᠠᠷᠢᠶᠠᠨ ᠭᠠᠵᠠᠷ ᠤᠨ ᠶᠠᠭᠠᠷᠠᠯᠲᠠᠢ ᠪᠠᠶᠢᠳᠠᠯ ᠨᠢ ᠶᠠᠭ ᠡᠨᠡ ᠬᠡᠰᠡᠭ ᠲᠥᠮᠥᠰᠥ ᠶᠢᠨ ᠭᠠᠵᠠᠷ ᠤᠨ ᠬᠠᠷᠢᠭᠤᠴᠠᠯᠭᠠᠲᠠᠨ ᠯᠦ ᠶᠦᠩ ᠸᠠᠩ ᠪᠠᠶᠢᠵᠤ᠂ ᠨᠢᠭᠡ ᠰᠠᠭᠤᠷᠢ ᠤᠷᠭᠤᠴᠠ ᠰᠠᠶᠢᠲᠠᠢ ᠲᠥᠮᠥᠰᠥ ᠶᠢᠨ ᠴᠢᠬᠢ ᠶᠢ ᠬᠠᠷᠠᠭᠠᠳ ᠯᠦ ᠶᠦᠩ ᠸᠠᠩ᠄ ︽ᠡᠨᠡ ᠬᠦ ᠮᠡᠷᠭᠡᠵᠢᠯ ᠰᠠᠶᠢᠨ ᠪᠠᠶᠢᠨ᠎ᠠ᠂ ᠡᠨᠡ ᠵᠢᠯ ᠤᠨ ᠲᠠᠷᠢᠭᠰᠠᠨ ᠲᠥᠮᠥᠰᠥ ᠶᠢᠨ ᠤᠷᠭᠤᠴᠠ ᠮᠠᠰᠢ ᠰᠠᠶᠢᠨ ᠪᠠᠶᠢᠨ᠎ᠠ᠂ ᠵᠢᠱᠢᠯᠲᠡ ᠪᠠᠷ ᠨᠢᠭᠡ ᠰᠠᠭᠤᠷᠢ ᠲᠥᠮᠥᠰᠥ ᠶᠢᠨ ᠴᠢᠬᠢ ᠠᠴᠠ 6 ᠂ 7 ᠲᠥᠮᠥᠰᠥ ᠰᠠᠭᠤᠨ᠎ᠠ᠂ ᠡᠨᠡ ᠵᠢᠯ ᠰᠠᠶᠢᠨ ᠬᠤᠷᠢᠶᠠᠯᠲᠠ ᠲᠠᠢ ᠪᠣᠯᠬᠤ ᠶᠢ ᠬᠦᠰᠡᠵᠦ ᠪᠠᠶᠢᠨ᠎ᠠ︾ ᠭᠡᠵᠦ ᠪᠠᠶᠠᠷᠲᠠᠢ ᠪᠠᠷ ᠬᠡᠯᠡᠪᠡ᠃
      ᠶᠡᠷᠦ ᠠᠴᠠ᠂ ᠲᠥᠮᠥᠰᠥ ᠳᠠᠷᠢᠬᠤ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠤᠨ ᠬᠥᠭᠵᠢᠯᠲᠡ ᠶᠢᠨ ᠭᠤᠤᠯᠯᠠᠬᠤ ᠠᠵᠤ ᠦᠶ᠋ᠯᠡᠰ ᠪᠣᠯᠤᠭᠰᠠᠭᠠᠷ ᠢᠷᠡᠵᠡᠶ᠂ ᠭᠡᠪᠡᠴᠦ ᠦᠶ᠋ᠯᠡᠳᠪᠦᠷᠢᠯᠡᠯ ᠤᠨ ᠬᠠᠮᠢᠶᠠᠷᠤᠯᠲᠠ᠂ ᠡᠪᠡᠳᠴᠢᠨ ᠬᠤᠷᠣᠬᠠᠶ ᠶᠢᠨ ᠭᠠᠮᠰᠢᠭ ᠡᠭᠦᠰᠬᠦ ᠨᠣᠷᠮ᠎ᠠ ᠵᠢᠴᠢ ᠲᠥᠮᠥᠰᠥ ᠶᠢᠨ ᠨᠢᠭᠡᠴᠢ ᠦᠨ᠎ᠡ ᠲᠣᠭᠲᠠᠪᠤᠷᠢ ᠥᠬᠡᠶ ᠵᠡᠷᠭᠡ ᠰᠢᠯᠲᠠᠭᠠᠨ ᠠᠴᠠ ᠪᠣᠯᠵᠣ ᠲᠠᠷᠢᠶᠠᠴᠢᠳ ᠤᠨ ᠣᠷᠣᠭᠤᠯᠤᠯᠲᠠ ᠶᠢᠨ ᠥᠪᠡᠷ ᠤᠨ ᠥᠷᠲᠡᠭ ᠢ ᠨᠡᠮᠡᠭᠳᠡᠭᠦᠯᠵᠦ᠂ ᠦᠶ᠋ᠯᠡᠳᠪᠦᠷᠢᠯᠡᠯ ᠤᠨ ᠳᠤᠮᠳᠠ ᠰᠣᠬᠤᠷ ᠪᠠᠯᠠᠶ ᠪᠠᠷ ᠪᠣᠷᠲᠣᠭᠤᠷ ᠣᠷᠣᠭᠤᠯᠬᠤ᠂ ᠬᠡᠮᠵᠢᠶ᠎ᠡ ᠠᠴᠠ ᠬᠡᠲᠦᠷᠡᠲᠡᠯ᠎ᠡ ᠤᠰᠤᠯᠠᠬᠤ᠂ ᠥᠨᠳᠥᠷ ᠣᠷᠣᠭᠤᠯᠤᠯᠲᠠ ᠪᠠᠷ ᠰᠡᠷᠭᠡᠶᠢᠯᠡᠨ ᠡᠵᠡᠮᠳᠡᠬᠦ ᠵᠡᠷᠭᠡ ᠦᠵᠡᠭᠳᠡᠯ ᠣᠷᠣᠰᠢᠵᠤ᠂ ᠲᠠᠷᠢᠶᠠᠴᠢᠳ ᠲᠥᠮᠥᠰᠥ ᠳᠠᠷᠢᠬᠤ ᠳᠠᠭᠠᠨ ᠪᠡᠨ᠎ᠡ ᠪᠠᠨ ᠠᠯᠳᠠᠵᠤ ᠪᠠᠶᠢᠨ᠎ᠠ᠃ ᠡᠨᠡ ᠬᠦ ᠬᠦᠴᠢᠷᠳᠡᠯ ᠢ  ᠰᠢᠢᠳᠪᠦᠷᠢᠯᠡᠬᠦ ᠶᠢᠨ ᠲᠥᠯᠥᠭᠡ᠂ 2021 ᠣᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠨᠢ ᠪᠤᠭᠤᠲᠤ ᠬᠤᠲᠠ ᠶᠢᠨ ᠲᠥᠮᠥᠰᠥ ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠮᠡᠷᠭᠡᠵᠢᠯ ᠵᠢᠴᠢ ᠳᠡᠯᠭᠡᠷᠡᠭᠦᠯᠦᠨ ᠬᠡᠷᠡᠭᠯᠡᠬᠦ ᠲᠥᠷᠥᠯ ᠵᠦᠢᠯ ᠳᠤ ᠲᠦᠰᠢᠭᠯᠡᠵᠦ᠂ ᠰᠢᠷ᠎ᠠ ᠮᠥᠷᠡᠨ ᠪᠠᠯᠭᠠᠰᠤ ᠶᠢᠨ ᠬᠦᠭᠡᠳᠤᠰᠤ ᠭᠠᠴᠠᠭ᠎ᠠ ᠪᠣᠯᠤᠨ ᠱᠢ ᠪᠦᠦ ᠪᠠᠯᠭᠠᠰᠤ ᠶᠢᠨ ᠬᠤᠩ ᠱᠠᠨ ᠽᠢ ᠲᠣᠰᠬᠤᠨ ᠤ ᠨᠠᠮ ᠤᠨ ᠬᠤᠷᠢᠶᠠᠨ ᠤ ᠾᠧᠦ ᠹᠠᠩ ᠽᠢ ᠲᠣᠰᠬᠤᠨ ᠳᠤ ᠳᠤᠰᠤᠯᠭᠠᠨ ᠤᠰᠤᠯᠠᠬᠤ ᠵᠠᠭᠪᠤᠷ ᠳᠣᠣᠷᠠᠬᠢ ᠤᠰᠤ ᠪᠤᠷᠳᠤᠭᠤᠷ ᠢ ᠨᠢᠭᠡ ᠴᠤᠭᠴᠠᠵᠢᠭᠤᠯᠤᠨ ᠲᠠᠷᠢᠬᠤ ᠮᠡᠷᠭᠡᠵᠢᠯ ᠢᠶᠠᠷ ᠭᠤᠣᠯ ᠪᠣᠯᠭᠠᠭᠰᠠᠨ ᠲᠥᠮᠥᠰᠥ ᠶᠢᠨ ᠤᠰᠤ ᠠᠷᠪᠢᠯᠠᠬᠤ᠂ ᠮᠠᠷᠢᠶ᠎ᠠ ᠰᠢᠭᠤᠷᠠᠭᠤᠯᠬᠤ᠂ ᠡᠮ ᠬᠠᠰᠤᠬᠤ  ᠵᠢᠱᠢᠶ᠎ᠡ ᠦᠵᠡᠭᠦᠯᠬᠦ ᠰᠠᠭᠤᠷᠢᠨ ᠢ 550 ᠮᠦ ᠪᠠᠶᠢᠭᠤᠯᠵᠤ᠂ ᠤᠰᠤ ᠪᠤᠷᠳᠤᠭᠤᠷ ᠢ ᠥᠨᠳᠥᠷ ᠪᠦᠲᠦᠮᠵᠢᠲᠡᠢ ᠠᠰᠢᠭᠯᠠᠬᠤ ᠮᠡᠷᠭᠡᠵᠢᠯ ᠢ ᠬᠡᠷᠡᠭᠯᠡᠵᠦ᠂ ᠤᠯᠠᠮᠵᠢᠯᠠᠯᠲᠤ ᠲᠠᠷᠢᠶᠠᠯᠠᠩ ᠤᠨ ᠲᠠᠷᠢᠮᠠᠯ ᠤᠨ ᠠᠷᠭ᠎ᠠ ᠬᠡᠯᠪᠡᠷᠢ ᠶᠢ ᠬᠤᠪᠢᠷᠠᠭᠤᠯᠵᠤ᠂ ᠲᠥᠮᠥᠰᠥ ᠶᠢᠨ ᠶᠠᠰᠤ ᠴᠢᠨᠠᠷ ᠪᠣᠯᠤᠨ ᠤᠨᠠᠯᠲᠠ ᠶᠢ ᠳᠡᠭᠡᠭᠰᠢᠯᠡᠭᠦᠯᠵᠡᠢ᠃ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ᠃      ᠯᠦ ᠶᠦᠩ ᠸᠠᠩ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠂ ᠪᠢ 2014 ᠣᠨ ᠠᠴᠠ ᠡᠬᠢᠯᠡᠨ ᠲᠥᠮᠥᠰᠥ ᠳᠠᠷᠢᠵᠤ᠂ ᠳᠠᠷᠢᠭᠰᠠᠨ ᠠᠴᠠ ᠨᠠᠰᠢ ᠶᠡᠭᠡ ᠤᠰᠤ ᠪᠠᠷ ᠨᠡᠯᠦ᠋ᠢᠲᠡᠯ᠎ᠡ ᠤᠰᠤᠯᠠᠬᠤ ᠠᠷᠭ᠎ᠠ ᠪᠠᠷ ᠨᠢᠭᠡ ᠮᠥ ᠭᠠᠵᠠᠷ ᠢ ᠤᠰᠤᠯᠠᠬᠤ ᠳᠤ ᠴᠠᠭ ᠨᠢ ᠣᠷᠳᠣ ᠪᠥᠭᠡᠳ ᠤᠰᠤ ᠬᠡᠷᠡᠭᠯᠡᠬᠦ ᠬᠡᠮᠵᠢᠶ᠎ᠡ ᠨᠢ ᠴᠦ ᠨᠡᠯᠢᠶᠡᠳ ᠶᠡᠭᠡ᠂ ᠭᠠᠩ ᠤᠰᠤᠲᠤᠯ ᠶᠡᠭᠡ᠂ ᠤᠰᠤ ᠪᠣᠷᠲᠣᠭᠤᠷ ᠨᠢ ᠵᠢᠭᠳᠡ ᠪᠤᠰᠤ ᠠᠴᠠ ᠪᠣᠯᠵᠣ ᠲᠥᠮᠥᠰᠥ ᠶᠢᠨ ᠤᠨᠠᠯᠲᠠ ᠮᠠᠰᠢ ᠲᠣᠭᠲᠠᠭᠤᠨ ᠪᠤᠰᠤ ᠪᠣᠯᠤᠭᠰᠠᠨ ᠪᠠᠶᠢᠨ᠎ᠠ ᠭᠡᠵᠡᠶ᠃ ︽ᠡᠨᠡ ᠵᠢᠯ ᠮᠢᠨᠦ 350 ᠮᠦ ᠲᠥᠮᠥᠰᠥ ᠲᠦᠷᠦᠯ ᠵᠦᠢᠯ ᠤᠨ  ᠵᠢᠰᠢᠶ᠎ᠡ ᠦᠵᠡᠭᠦᠯᠬᠦ ᠲᠠᠷᠢᠶ᠎ᠠ ᠪᠤᠯᠵᠤ᠂ ᠤᠰᠤ ᠪᠤᠷᠳᠤᠭᠤᠷ ᠢ ᠨᠢᠭᠡ ᠴᠤᠬᠴᠠᠵᠢᠭᠤᠯᠬᠤ ᠮᠡᠷᠭᠡᠵᠢᠯ ᠢ ᠬᠡᠷᠡᠭᠯᠡᠪᠡᠯ᠂ ᠨᠢᠭᠡ ᠬᠥᠮᠦᠨ ᠳᠠᠷᠤᠢ ᠵᠠᠭᠤ ᠭᠠᠷᠤᠢ ᠮᠦ ᠭᠠᠵᠠᠷ ᠢ ᠬᠠᠮᠢᠶᠠᠷᠤᠨ ᠡᠵᠡᠮᠳᠡᠵᠦ᠂ ᠤᠰᠤ ᠬᠡᠷᠡᠭᠯᠡᠬᠦ   ᠬᠡᠮᠵᠢᠶ᠎ᠡ ᠴᠦ ᠭᠤᠷᠪᠠᠨ ᠤ ᠨᠢᠭᠡ ᠬᠤᠪᠢ ᠪᠠᠷ ᠪᠠᠭᠠᠰᠴᠤ᠂ ᠲᠠᠷᠢᠶ᠎ᠠ ᠤᠰᠤᠯᠠᠬᠤ ᠶᠢᠨ ᠬᠠᠮᠲᠤ ᠪᠠᠰᠠ ᠪᠤᠷᠳᠤᠭᠤᠷ ᠣᠷᠣᠭᠤᠯᠤᠨ ᠡᠮ ᠣᠷᠣᠭᠤᠯᠵᠤ ᠪᠣᠯᠤᠨ᠎ᠠ᠂ ᠴᠠᠭ ᠪᠠ ᠬᠡᠷᠡᠭ ᠶᠠᠪᠤᠳᠠᠯ ᠳᠤ ᠠᠷᠪᠢᠲᠠᠢ ᠮᠥᠷᠲᠡᠭᠡᠨ  ᠵᠤᠭᠤᠰᠤᠨ ᠳᠤ ᠠᠷᠪᠢᠲᠠᠢ ᠪᠣᠯᠤᠨ᠎ᠠ ︾ ᠭᠡᠵᠦ ᠵᠢᠭᠠᠵᠤ ᠭᠠᠷᠭᠠᠪᠠ᠃ ᠡᠭᠦᠨ ᠤ ᠤᠯᠠᠮ ᠠᠴᠠ ᠮᠠᠨ ᠤ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠶᠢᠨ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠬᠢᠨ ᠵᠢᠭᠠᠵᠤ ᠭᠠᠷᠭᠠᠪᠠ ᠭᠡᠵᠦ ᠯᠦ ᠶᠦᠩ ᠸᠠᠩ ᠬᠡᠯᠡᠪᠡ᠃       ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠠᠵᠢᠯᠲᠠᠨ ᠳ᠋ᠢᠩ ᠴᠢᠶᠠᠩ ᠤᠨ ᠲᠠᠨᠢᠯᠴᠠᠭᠤᠯᠤᠭᠰᠠᠨ ᠢᠶᠠᠷ᠂ ︽ᠤᠰᠤ ᠪᠣᠷᠲᠣᠭᠤᠷ ᠢ ᠨᠢᠭᠡ ᠴᠤᠭᠴᠠᠵᠢᠭᠤᠯᠬᠤ︾ ᠮᠡᠷᠭᠡᠵᠢᠯ ᠢ ᠠᠰᠢᠭᠯᠠᠬᠤ ᠪᠠᠷ ᠳᠡᠮᠵᠢᠨ᠂ ᠲᠥᠮᠥᠰᠥ ᠳᠤ ᠵᠣᠬᠢᠰᠲᠠᠶ ᠰᠢᠮ᠎ᠡ ᠲᠡᠵᠢᠭᠡᠯ ᠪᠠ ᠤᠰᠤ ᠬᠠᠩᠭᠠᠵᠤ᠂ ᠲᠥᠮᠥᠰᠥ ᠶᠢᠨ ᠤᠷᠭᠤᠯᠲᠠ ᠶᠢᠨ ᠡᠯ᠎ᠡ ᠬᠤᠭᠤᠴᠠᠭᠠᠨ ᠳᠠᠬᠢ ᠤᠰᠤ ᠪᠣᠷᠲᠣᠭᠤᠷ ᠤᠨ ᠬᠠᠩᠭᠠᠯᠭ᠎ᠠ ᠶᠢᠨ ᠠᠰᠠᠭᠤᠳᠠᠯ ᠢ ᠮᠠᠰᠢ ᠰᠠᠶᠢᠨ  ᠰᠢᠢᠳᠪᠦᠷᠢᠯᠡᠵᠦ ᠪᠣᠯᠤᠨ᠎ᠠ᠃ ᠤᠯᠠᠮᠵᠢᠯᠠᠯᠲᠤ ᠶᠡᠭᠡ ᠤᠰᠤᠨ ᠤ ᠨᠡᠯᠦᠩᠬᠡᠶ ᠤᠰᠤᠯᠠᠯᠲᠠ ᠶᠢᠨ ᠲᠠᠷᠢᠮᠠᠯ ᠤᠨ ᠵᠠᠭᠪᠤᠷ ᠲᠠᠢ ᠬᠠᠷᠢᠴᠠᠭᠤᠯᠪᠠᠯ᠂ ᠲᠥᠮᠥᠰᠥ ᠶᠢᠨ ᠮᠥ ᠪᠦᠷᠢ ᠶᠢᠨ ᠳᠤᠮᠳᠠᠴᠢ ᠤᠨᠠᠯᠲᠠ ᠶᠢ 3000 ᠺᠢᠯᠣᠭ᠍ᠷᠠᠮ ᠣᠷᠴᠢᠮ ᠪᠡᠶᠡᠯᠡᠭᠦᠯᠵᠦ᠂ ᠤᠨᠠᠯᠲᠠ ᠶᠢ 5% ᠠᠴᠠ ᠳᠡᠭᠡᠭᠰᠢ ᠳᠡᠭᠡᠭᠰᠢᠯᠡᠭᠦᠯᠵᠦ ᠪᠣᠯᠤᠨ᠎ᠠ᠃ ᠳ᠋ᠢᠩ ᠴᠢᠶᠠᠩ ᠬᠡᠯᠡᠬᠦ ᠳᠡᠭᠡᠨ᠄ ︽ᠣᠳᠣᠬᠠᠨ ᠳᠤ ᠲᠥᠷᠥᠯ ᠵᠦᠢᠯ ᠤᠨ ᠲᠣᠭᠤᠷᠢᠭ ᠤᠨ ᠲᠤᠷᠰᠢᠯᠲᠠ ᠶᠢᠨ ᠴᠡᠭ ᠤᠨ ᠲᠠᠷᠢᠮᠠᠯ ᠤᠨ ᠦᠷ᠎ᠡ ᠪᠦᠲᠦᠮᠵᠢ ᠨᠡᠯᠢᠶᠡᠳ ᠰᠠᠶᠢᠨ ᠪᠠᠶᠢᠨ᠎ᠠ᠂ ᠡᠨᠡ ᠨᠢ ᠮᠥᠨ ᠴᠦ ᠡᠨᠡ ᠬᠦ ᠮᠡᠷᠭᠡᠵᠢᠯ ᠤᠨ ᠳᠠᠪᠠᠭᠤᠯᠢᠭ ᠴᠢᠨᠠᠷ ᠢ ᠠᠩᠬ᠎ᠠ ᠠᠯᠬᠤᠮ ᠬᠠᠷᠠᠭᠤᠯᠵᠤ ᠪᠠᠶᠢᠨ᠎ᠠ᠂ ᠬᠤᠶᠢᠰᠢᠳᠠ ᠡᠨᠡ ᠬᠦ ᠲᠥᠬᠦᠭᠡᠷᠦᠮᠵᠢ ᠪᠣᠯᠤᠨ ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠮᠡᠷᠭᠡᠵᠢᠯ ᠢ ᠶᠡᠭᠡ ᠬᠡᠪᠴᠢᠶ᠎ᠡ ᠪᠠᠷ ᠳᠡᠯᠭᠡᠷᠡᠭᠦᠯᠵᠦ᠂ ᠨᠠᠩ ᠣᠯᠠᠨ ᠲᠠᠷᠢᠶᠠᠴᠢᠨ ᠡᠷᠦᠬᠡ ᠳᠤ ᠠᠰᠢᠭ ᠬᠦᠷᠲᠡᠭᠡᠬᠦ ᠬᠡᠷᠡᠭᠲᠡᠶ︾ ᠭᠡᠵᠡᠶ᠃
      ᠣᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ᠂ ᠳᠠᠷᠬᠠᠨ ᠮᠤᠤᠮᠢᠩᠭᠠᠨ ᠬᠤᠰᠢᠭᠤ ᠨᠢᠭᠡᠨᠲᠡ 35 ᠲᠦᠮᠡᠨ ᠮᠥ ᠤᠰᠤ ᠪᠣᠷᠲᠣᠭᠤᠷ ᠢ ᠨᠢᠭᠡ ᠴᠤᠭᠴᠠᠵᠢᠭᠤᠯᠬᠤ ᠲᠥᠷᠥᠯ  ᠵᠦᠢᠯ ᠢ ᠬᠡᠷᠡᠭᠵᠢᠭᠦᠯᠵᠦ᠂ ᠭᠤᠤᠯᠳᠠᠭᠤ ᠡᠷᠳᠡᠨᠢ ᠰᠢᠰᠢ ᠂ ᠲᠥᠮᠥᠰᠥ᠂ ᠨᠡᠷᠡᠨ ᠬᠤᠸᠠᠷ ᠵᠡᠷᠭᠡ ᠶᠢ ᠬᠡᠷᠡᠭᠯᠡᠵᠦ᠂ ᠮᠡᠷᠭᠡᠵᠢᠯ ᠤᠨ ᠬᠡᠷᠡᠭᠯᠡᠯᠲᠡ ᠨᠢ ᠲᠠᠷᠢᠮᠠᠯ ᠤᠨ  ᠦᠢᠯᠡᠳᠪᠦᠷᠢᠯᠡᠯ ᠤᠨ ᠬᠦᠴᠦᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠨᠠᠩ ᠣᠯᠠᠨ ᠲᠠᠷᠢᠶᠠᠴᠢᠳ ᠢ ᠬᠠᠪᠰᠤᠷᠤᠨ ᠭᠠᠷᠤᠯᠲᠠ ᠶᠢ ᠨᠢ ᠨᠡᠮᠡᠭᠳᠡᠭᠦᠯᠵᠦ ᠣᠷᠣᠯᠭ᠎ᠠ ᠶᠢ ᠨᠢ ᠨᠡᠮᠡᠭᠳᠡᠭᠦᠯᠬᠦ ᠶᠢ ᠪᠡᠶᠡᠯᠡᠭᠦᠯᠵᠡᠶ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号