ᠦᠨᠳᠦᠰᠦᠲᠡᠨ ᠤ ᠪᠦᠯᠬᠦᠮᠳᠡᠯ ᠤᠨ ᠰᠢᠨ᠎ᠡ ᠬᠠᠭᠤᠳᠠᠰᠤ ᠶᠢ ᠴᠤᠤᠷᠢᠶᠠᠲᠤᠭᠤᠯᠬᠤ ᠳᠤ᠂ ᠡᠨᠡᠬᠦ ᠠᠵᠢᠯᠯᠠᠭ᠎ᠠ ᠶᠢ ᠠᠯᠳᠠᠵᠤ ᠪᠣᠯᠬᠤ ᠦᠭᠡᠢ︕
ᠨᠡᠶᠢᠲᠡᠯᠡᠭᠰᠡᠨ ᠴᠠᠭ᠄
2021/9/7
     ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠤᠭᠤᠲᠤ ᠬᠤᠳᠠ ᠶᠢᠨ 38 ᠳ᠋ᠤᠭᠠᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ ᠶᠢᠨ ᠰᠠᠷ᠎ᠠ ᠪᠣᠯᠬᠤ ᠲᠠᠰᠢᠷᠠᠮ ᠳᠤ᠂ ᠦᠨᠳᠦᠰᠦᠨ ᠱᠠᠲᠤᠨ ᠤ ᠮᠠᠯᠴᠢᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠠᠬᠢᠭᠤᠯᠵᠤ᠂ ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠤᠨ ᠬᠥᠮᠦᠨ ᠮᠡᠲᠦ ᠳᠣᠲᠣᠨᠣ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ ᠶᠤᠮ᠃ 9 ᠰᠠᠷ᠎ᠠ ᠶᠢᠨ 3 ᠤ ᠡᠳᠦᠷ᠂ ᠪᠤᠭᠤᠲᠤ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠢᠴᠢ  ᠮᠢᠩᠭᠠᠨ ᠪᠠᠯᠭᠠᠰᠤ ᠬᠠᠮᠲᠤᠷᠠᠨ ︽ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠦᠶ᠎ᠡ︾ ᠭᠡᠬᠦ ᠭᠤᠤᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
      ᠪᠤᠭᠤᠲᠤ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠦ᠋ ᠶᠠᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ  ᠵᠠᠩ ᠪᠠᠭᠠᠨ᠎ᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃
      ᠲᠣᠭᠯᠠᠯᠲᠠ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠤᠨ ᠤᠯᠠᠨ ᠲᠦᠮᠡᠨ ᠤ ᠪᠥᠵᠢᠭ ︽ᠢᠷᠥᠭᠡᠯ︾ ᠤᠨ ᠪᠠᠶᠠᠷ ᠬᠦᠷ ᠲᠠᠢ ᠪᠥᠵᠢᠭ ᠤᠨ ᠳᠤᠮᠳᠠ ᠬᠥᠰᠢᠭᠡ ᠪᠠᠨ ᠰᠡᠬᠦᠪᠡ
     ᠪᠤᠭᠤᠲᠤ ᠬᠤᠳᠠ ᠶᠢᠨ ᠰᠢᠨ᠎ᠡ ᠤᠳᠬ᠎ᠠ ᠤᠷᠠᠯᠢᠭ ᠤᠨ ᠬᠠᠮᠲᠤᠯᠢᠭ ᠤᠨ ᠠᠵᠢᠯ ᠤᠨ ᠵᠥᠪᠯᠡᠯ ᠤᠨ ᠫᠧᠩ ᡁᠢ ᠴᠢᠶᠠᠩ ︽ᠰᠢᠷ᠎ᠠ ᠪᠦᠷᠦᠢ ᠶᠢᠨ ᠲᠠᠯ᠎ᠠ ᠨᠤᠲᠤᠭ︾ ᠭᠡᠬᠦ ᠭᠤᠴᠣᠯᠠᠯ ᠳᠠᠭᠤᠤ

     ᠮᠢᠩᠭᠠᠨ ᠪᠠᠯᠭᠠᠰᠤᠨ ᠤ  ᠰᠠᠷᠠᠭᠤᠯ ᠲᠠᠯ᠎ᠠ ᠭᠠᠴᠠᠭᠠᠨ ᠤ ᠮᠠᠯᠴᠢᠨ  ᠪᠦᠬᠦᠬᠠᠰ ︽ᠮᠠᠯᠴᠢᠳ ᠤᠨ ᠵᠣᠯ ᠵᠢᠷᠭᠠᠯ ︾ ᠭᠡᠬᠦ ᠭᠤᠴᠣᠯᠠᠯ ᠳᠠᠭᠤᠤ ᠳᠠᠭᠤᠯᠠᠪᠠ
      ᠪᠤᠭᠤᠲᠤ ᠬᠤᠲᠠ ᠶᠢᠨ ᠲᠠᠭᠤᠷᠢᠯᠢᠭ ᠤᠷᠠᠯᠢᠭᠴᠢᠳ ᠤᠨ ᠨᠡᠶᠢᠭᠡᠮᠯᠢᠭ ᠤᠨ ᠵᠧᠤ ᠢᠦᠶ᠂ ᠵᠠᠩ ᠴᠢᠦ ᠯᠸᠢ ᠱᠤᠭ ᠶᠠᠷᠢᠶ᠎ᠠ ᠪᠠᠷ ︽ᠪᠠᠶᠠᠷ ᠤᠨ ᠳᠠᠭᠤᠤ ᠢᠨᠢᠶᠡᠳᠦᠮ ᠤᠨ ᠦᠭᠡ︾ ᠶᠢ ᠲᠣᠭᠯᠠᠪᠠ
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠤᠨ ᠮᠤᠷᠢᠨ ᠬᠤᠭᠤᠷ ᠤᠨ ᠨᠠᠶᠢᠷᠠᠯ ᠬᠥᠭᠵᠢᠮ
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠤᠨ ᠣᠯᠠᠨ ᠲᠦᠮᠡᠨ ᠤ ᠪᠥᠵᠢᠭ ᠤᠨ ᠲᠣᠭᠯᠠᠯᠲᠠ ︽ᠳᠠᠷᠬᠠᠨ ᠮᠤᠤᠮᠢᠩᠭᠠᠨ ᠬᠤᠰᠢᠭᠤᠨ ᠤ ᠭᠤᠶᠣᠯᠠᠯ ᠤᠨ ᠬᠤᠪᠴᠠᠰᠤ︾
     ᠪᠤᠭᠤᠲᠤ ᠬᠤᠳᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠤᠷᠠᠨ ᠰᠠᠶᠢᠬᠠᠨ ᠤ ᠠᠩᠬᠢ ᠶᠢᠨ ᠭᠡᠰᠢᠭᠦᠳ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢᠳ ᠵᠢᠴᠢ  ᠮᠢᠩᠭᠠᠨ ᠪᠠᠯᠭᠠᠰᠤᠨ ᠤ ᠮᠠᠯᠴᠢᠳ ᠲᠤᠬᠠᠢ ᠶᠢᠨ ᠭᠠᠵᠠᠷ ᠤᠨ ᠤᠯᠠᠨ ᠲᠦᠮᠡᠨ ᠳᠤ ᠤᠯᠠᠨ ᠶᠠᠩᠵᠤ ᠶᠢᠨ ᠬᠡᠯᠪᠡᠷᠢ ᠲᠠᠢ᠂ ᠭᠤᠶᠢᠳᠠ ᠰᠠᠶᠢᠬᠠᠨ ᠤᠷᠠᠨ ᠰᠠᠶᠢᠬᠠᠨ ᠤ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号