ᠮᠠᠨᠳᠤᠯ ᠪᠣᠭᠤᠮᠲᠠ ᠪᠠᠷ ᠥᠩᠭᠡᠷᠡᠬᠦ ᠪᠠᠷᠠᠭᠠᠨ ᠤ  ᠬᠡᠮᠵᠢᠶ᠎ᠡ ᠰᠥᠷᠭᠡᠦ ᠨᠡᠮᠡᠭᠳᠡᠯ ᠢ ᠪᠡᠶᠡᠯᠡᠭᠦᠯᠵᠦ᠂ ᠨᠡᠶᠢᠳᠡ ᠵᠠᠭᠤᠨ ᠲᠦᠮᠡᠨ ᠲᠣᠨ ᠢ ᠳᠠᠪᠠᠵᠠᠢ︕
ᠨᠡᠶᠢᠲᠡᠯᠡᠭᠰᠡᠨ ᠴᠠᠭ᠄
2021/9/7
     8 ᠰᠠᠷ᠎ᠠ ᠶᠢᠨ 20 ᠤ ᠡᠳᠦᠷ ᠪᠣᠯᠲᠠᠯ᠎ᠠ ᠮᠠᠨᠳᠤᠯ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠ ᠪᠣᠭᠤᠮᠲᠠ ᠳᠤ ᠮᠡᠳᠡᠭᠦᠯᠬᠦ ᠪᠠᠷᠠᠭ᠎ᠠ ᠨᠡᠶᠢᠲᠡ 106.45 ᠲᠦᠮᠡᠨ ᠲᠣᠨ ᠪᠠᠶᠢᠵᠤ᠂ ᠨᠢᠳᠤᠨᠤᠨ ᠤ ᠪᠥᠬᠦ ᠵᠢᠯ ᠤᠨ ᠪᠠᠷᠠᠭᠠᠨ ᠤ ᠬᠡᠮᠵᠢᠶ᠎ᠡ ᠠᠴᠠ 33.86 ᠲᠦᠮᠡᠨ ᠲᠣᠨ ᠳᠠᠪᠠᠭᠰᠠᠨ ᠪᠠᠶᠢᠨ᠎ᠠ᠃ ᠮᠠᠨᠳᠤᠯ ᠪᠣᠭᠤᠮᠲᠠ ᠪᠠᠷ ᠥᠩᠭᠡᠷᠡᠬᠦ ᠪᠠᠷᠠᠭᠠᠨ ᠤ  ᠬᠡᠮᠵᠢᠶ᠎ᠡ ᠦᠷᠭᠦᠯᠵᠢᠯᠡᠨ ᠰᠠᠶᠢᠵᠢᠷᠠᠵᠤ᠂ ᠰᠥᠷᠭᠡᠦ ᠨᠡᠮᠡᠭᠳᠡᠯ ᠢ ᠪᠡᠶᠡᠯᠡᠭᠦᠯᠵᠦ ᠂ ᠲᠡᠦᠬᠡ ᠶᠢᠨ ᠠᠳᠠᠯᠢ ᠬᠤᠭᠤᠴᠠᠭᠠᠨ ᠤ ᠰᠢᠨ᠎ᠡ ᠲᠡᠮᠳᠡᠭᠯᠡᠯ ᠢ ᠡᠭᠦᠳᠴᠡᠢ᠃      ᠣᠶᠢᠯᠠᠭᠠᠭᠰᠠᠨ ᠢᠶᠠᠷ᠂ 1 — 7 ᠰᠠᠷ᠎ᠠ ᠳᠤ ᠮᠠᠨᠳᠤᠯ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠣᠭᠤᠮᠲᠠ ᠳᠤ ᠮᠡᠳᠡᠭᠦᠯᠬᠦ ᠪᠠᠷᠠᠭ᠎ᠠ 92.07 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 163.36% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠣᠷᠣᠪᠠ︔ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠲᠤᠭ᠎ᠠ 8.42 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 185.42% ᠨᠡᠮᠡᠭᠳᠡᠵᠡᠶ ᠬᠢᠯᠢ ᠪᠠᠷ ᠣᠷᠣᠵᠤ ᠭᠠᠷᠤᠭᠰᠠᠨ ᠬᠥᠮᠦᠨ 23902 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 135.53% ᠨᠡᠮᠡᠭᠳᠡᠪᠡ︔ ᠬᠢᠯᠢ ᠪᠠᠷ ᠣᠷᠣᠵᠤ ᠭᠠᠷᠬᠤ ᠮᠠᠰᠢᠨ ᠲᠡᠷᠭᠡ 22917 ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 180.4% ᠨᠡᠮᠡᠭᠳᠡᠵᠡᠶ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠣᠭᠤᠮᠲᠠ ᠳᠤ ᠮᠡᠳᠡᠭᠦᠯᠬᠦ ᠭᠤᠣᠯ ᠪᠠᠷᠠᠭ᠎ᠠ ᠳᠤ᠄ ᠬᠡᠦᠷᠡᠰᠦ᠂ ᠪᠤᠷᠳᠦᠭᠤᠷ ᠨᠡᠭᠦᠷᠡᠰᠦ᠂ ᠤᠳᠤᠭ᠎ᠠ ᠤᠢᠭᠡᠢ ᠨᠡᠭᠦᠷᠡᠰᠦ᠂ ᠲᠡᠮᠦᠷ ᠤᠨ ᠬᠦᠳᠡᠷ᠂ ᠲᠠᠸᠠᠷ ᠤᠨ ᠪᠠᠷᠠᠭᠠᠨ ᠤ ᠲᠡᠷᠭᠡ᠂ ᠰᠡᠯᠪᠢᠭ ᠲᠤᠨᠤᠬ᠂ ᠴᠠᠬᠢᠯᠭᠠᠨ ᠬᠦᠴᠦ ᠵᠡᠷᠭᠡ ᠪᠠᠭᠲᠠᠨ᠎ᠠ᠃      ᠠᠮᠵᠢᠯᠲᠠ ᠪᠦᠲᠦᠮᠵᠢ ᠤᠯᠬᠤ ᠳᠤ ᠯᠠᠪᠳᠠᠭᠤᠨ ᠪᠠᠲᠤᠲᠠᠶ ᠠᠵᠢᠯ ᠤᠨ ᠰᠤᠷᠲᠠᠯ ᠠᠴᠠ ᠰᠠᠯᠵᠤ ᠴᠢᠳᠠᠬᠤ ᠦᠭᠡᠢ ᠮᠥᠷᠲᠡᠭᠡᠨ ᠠᠵᠢᠯᠯᠠᠬᠤ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠠᠴᠠ ᠴᠦ ᠰᠠᠯᠵᠤ ᠴᠢᠳᠠᠬᠤ ᠦᠭᠡᠢ ᠶᠤᠮ᠃      ᠡᠨᠡ ᠵᠢᠯ ᠠᠴᠠ ᠨᠠᠰᠢ᠂ ᠳᠠᠷᠬᠠᠨ ᠮᠤᠤᠮᠢᠩᠭᠠᠨ ᠬᠤᠰᠢᠭᠤ  ᠮᠠᠨᠳᠤᠯ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠶᠢ ᠠᠬᠢᠭᠤᠯᠵᠤ᠂ ᠤᠯᠠᠨ ᠵᠦᠢᠯ ᠤᠨ ᠠᠷᠭ᠎ᠠ  ᠬᠡᠮᠵᠢᠶ᠎ᠡ ᠶᠢ ᠵᠡᠷᠭᠡᠪᠡᠷ ᠬᠡᠷᠡᠭᠯᠡᠨ ᠮᠠᠨᠳᠤᠯᠠᠭ᠎ᠠ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠠᠢ᠃ ᠡᠭᠦᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠂ ᠪᠣᠭᠤᠮᠲᠠ ᠪᠠᠷ ᠥᠩᠭᠡᠷᠡᠬᠦ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠣᠭᠤᠮᠲᠠ ᠶᠢᠨ P C R ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠣᠭᠤᠮᠲᠠ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠤᠯᠤᠰ ᠤᠨ ᠡᠭᠦᠳᠡᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ︔ ᠪᠣᠭᠤᠮᠲᠠ ᠪᠠᠷ ᠥᠩᠭᠡᠷᠡᠭᠦᠯᠬᠦ ᠶᠠᠪᠤᠴᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠪᠣᠭᠤᠮᠲᠠ ᠪᠠᠷ ᠥᠩᠭᠡᠷᠡᠭᠦᠯᠬᠦ ᠴᠠᠭ ᠢ ᠶᠡᠭᠡ ᠪᠠᠷ ᠪᠣᠭᠤᠨᠢᠰᠬᠠᠵᠤ᠂ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠭᠦᠯᠬᠦ ᠥᠪᠡᠷ ᠤᠨ ᠥᠷᠲᠡᠭ ᠢ ᠠᠷᠪᠢᠯᠠᠬᠤ ᠬᠡᠷᠡᠭᠲᠡᠶ︔ ᠮᠠᠨᠳᠤᠯ ᠪᠣᠭᠤᠮᠲᠠ ᠶᠢᠨ ᠤᠶᠤᠨᠴᠢᠯᠠᠭᠰᠠᠨ ᠪᠠᠷᠠᠭᠠᠨ ᠤ ᠭᠦᠶ᠋ᠯᠭᠡᠭᠡᠨ ᠤ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠲᠠᠷᠠᠬᠠᠶ ᠪᠤᠲᠠᠷᠬᠠᠶ ᠪᠠᠶᠢᠭᠰᠠᠨ ᠢ ᠴᠤᠭᠯᠠᠷᠠᠯ ᠪᠣᠯᠭᠠᠨ ᠥᠭᠡᠷᠡᠴᠢᠯᠡᠬᠦ︾ ︽ᠵᠠᠰᠠᠮᠠᠯ ᠵᠠᠮ ᠢ ᠲᠡᠮᠦᠷ ᠵᠠᠮ ᠢᠶᠠᠷ ᠰᠢᠯᠵᠢᠭᠦᠯᠬᠦ︾ ᠶᠢᠨ ᠬᠡᠯᠪᠡᠷᠢ ᠶᠢ ᠬᠤᠪᠢᠷᠠᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠪᠣᠬᠢᠷᠲᠤᠯ ᠥᠬᠡᠶ᠂ ᠤᠶᠤᠨᠴᠢᠯᠠᠭᠰᠠᠨ ᠪᠣᠭᠤᠮᠲᠠ ᠶᠢ ᠪᠠᠶᠢᠭᠤᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号