ᠲᠠᠶᠢᠯ ᠪᠤᠭᠳᠠ ᠬᠠᠪᠤᠳᠦ ᠬᠠᠰᠠᠷ ᠤᠨ ᠨᠠᠮᠤᠷ ᠤᠨ ᠲᠠᠬᠢᠯᠭ᠎ᠠ ᠨᠢᠵᠢᠭᠢᠷ ᠰᠠᠶᠢᠬᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2021/9/8
     ᠲᠤᠮᠳᠠᠳᠦ ᠶᠢᠨ ᠦᠨᠳᠦᠰᠦᠳᠡᠨ ᠤ ᠬᠠᠮᠳᠦ ᠴᠤᠭᠴᠠ ᠶᠢᠨ ᠤᠬᠠᠮᠰᠠᠷ ᠢ ᠲᠡᠭᠡᠭᠰᠢᠯᠡᠭᠦᠯᠵᠦ᠂ ᠤᠯᠠᠮᠵᠢᠯᠠᠯᠳᠦ ᠰᠤᠶᠤᠯ ᠢ ᠤᠯᠠᠮᠵᠢᠯᠠᠨ ᠪᠠᠳᠠᠷᠠᠭᠤᠯᠬᠤ ᠵᠤᠷᠢᠯᠭ᠎ᠠ ᠪᠠᠷ2021 ᠤᠨ ᠤ9 ᠰᠠᠷ᠎ᠠ ᠶᠢᠨ3 ᠤ ᠡᠳᠦᠷ ︵ᠪᠢᠯᠢᠭ ᠤᠨ ᠤᠯᠠᠷᠢᠯ ᠤᠨ ᠲᠤᠯᠤᠭᠠᠨ ᠰᠠᠷ᠎ᠠ ᠶᠢᠨ ᠬᠤᠷᠢᠨ ᠲᠤᠯᠤᠭᠠᠨ ᠤ ᠡᠳᠦᠷ︶ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠲᠠᠶᠢᠯ ᠪᠤᠭᠳᠠ ᠬᠠᠪᠤᠳᠦ ᠬᠠᠰᠠᠷ ᠤᠨ ᠨᠠᠮᠤᠷ ᠤᠨ ᠲᠠᠬᠢᠯᠭ᠎ᠠ ᠶᠢᠨ ᠶᠤᠰᠤᠯᠠᠯ ᠢ ᠶᠠᠪᠤᠭᠳᠠᠭᠤᠯᠤᠭᠰᠠᠨ ᠪᠠᠶᠢᠨ᠎ᠠ᠃
     ᠬᠠᠪᠤᠳᠦ ᠬᠠᠰᠠᠷ ᠤᠨ ᠲᠠᠬᠢᠯᠭ᠎ᠠ ᠶᠢᠨ ᠤᠷᠳᠤᠨ ᠨᠢ ᠮᠠᠨ ᠤ ᠬᠤᠰᠢᠭᠤᠨ ᠤ ᠮᠢᠩᠭᠠᠨ ᠪᠠᠯᠭᠠᠰᠤᠨ ᠳᠤ ᠪᠠᠶᠢᠷᠢᠯᠠᠵᠦ᠂ ᠵᠢᠯ ᠳᠤ ᠲᠦᠷᠪᠡ ᠤᠳᠠᠭᠠᠨ ᠤ ᠤᠯᠠᠷᠢᠯ ᠤᠨ ᠲᠠᠬᠢᠯᠭ᠎ᠠ᠂ ᠪᠢᠳᠡᠬᠦᠨ ᠤ ᠲᠠᠬᠢᠯᠭ᠎ᠠ ᠲᠠᠢ ᠪᠠᠨ ᠶᠡᠭᠡ ᠪᠠᠭ᠎ᠠ ᠲᠠᠪᠤ ᠤᠳᠠᠭᠠᠨ ᠤ ᠲᠠᠬᠢᠯᠭ᠎ᠠ ᠶᠠᠪᠤᠭᠳᠠᠭᠤᠯᠵᠦ᠂ ᠪᠢᠯᠢᠭ ᠤᠨ ᠤᠯᠠᠷᠢᠯ ᠤᠨ ᠲᠤᠯᠤᠭᠠᠨ ᠰᠠᠷ᠎ᠠ ᠶᠢᠨ ᠬᠤᠷᠢᠨ ᠲᠤᠯᠤᠭᠠᠨ   ᠤ ᠡᠳᠦᠷ ᠲᠠᠷᠤᠢ ᠲᠤᠰ ᠤᠳᠠᠭᠠᠨ ᠤ ᠲᠠᠬᠢᠯᠭ᠎ᠠ ᠨᠢ ᠬᠠᠮᠤᠭ ᠤ ᠶᠡᠭᠡ ᠲᠠᠬᠢᠯᠭ᠎ᠠ ᠪᠤᠯᠳᠠᠭ ᠪᠠᠶᠢᠨ᠎ᠠ᠃      ᠲᠤᠰ ᠤᠳᠠᠭᠠᠨ ᠤ ᠲᠠᠬᠢᠯᠭ᠎ᠠ ᠨᠢ ᠤᠯᠠᠮᠵᠢᠯᠠᠯᠳᠦ ᠲᠠᠬᠢᠯᠭ᠎ᠠ ᠶᠢᠨ ᠶᠤᠰᠤᠯᠠᠯ ᠢᠶᠠᠨ ᠶᠠᠪᠤᠭᠳᠠᠭᠤᠯᠤᠭᠰᠠᠨ ᠤ ᠲᠠᠷᠠᠭ᠎ᠠ ᠰᠤᠷ ᠬᠠᠷᠪᠤᠭ᠎ᠠ ᠶᠢᠨ ᠤᠷᠤᠯᠳᠤᠭᠠᠨ᠂ ᠨᠠᠮᠨᠠᠭ᠎ᠠ ᠤᠷᠤᠯᠳᠤᠭᠠᠨ ᠤ ᠦᠵᠡᠭᠦᠯᠦᠯᠭᠡ ᠶᠠᠪᠤᠭᠳᠠᠭᠤᠯᠵᠦ᠂  ᠤᠯᠠᠭᠠᠠᠮᠦ᠋ᠴᠢᠷ ᠤᠨ ᠬᠢᠨ ᠪᠠᠰᠠ ᠭᠤᠴᠤ ᠰᠠᠶᠢᠬᠠᠨ ᠤᠷᠠᠨ ᠰᠠᠶᠢᠬᠠᠨ ᠤ ᠲᠤᠭᠯᠠᠯᠳᠠ ᠭᠠᠷᠭᠠᠭᠰᠠᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号