ᠮᠠᠨ ᠤ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ︽ᠲᠦᠭᠡᠮᠡᠯ ᠬᠠᠶᠢᠷ᠎ᠠ ᠶᠢᠨ ᠬᠠᠨᠳᠢᠪᠯᠠᠯ · ᠠᠯᠲᠠᠨ ᠨᠠᠮᠤᠷ ᠤᠨ ᠰᠤᠷᠤᠯᠭ᠎ᠠ ᠶᠢ ᠲᠡᠳᠬᠦᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/9/8
     9 ᠰᠠᠷ᠎ᠠ ᠶᠢᠨ 6 ᠤ ᠡᠳᠦᠷ᠂ ᠳᠠᠷᠬᠠᠨ ᠮᠤᠤᠮᠢᠩᠭᠠᠨ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠲᠤᠷᠠᠨ ︽ᠲᠦᠭᠡᠮᠡᠯ ᠬᠠᠶᠢᠷ᠎ᠠ ᠶᠢᠨ ᠬᠠᠨᠳᠢᠪᠯᠠᠯ · ᠠᠯᠲᠠᠨ ᠨᠠᠮᠤᠷ ᠤᠨ ᠰᠤᠷᠤᠯᠭ᠎ᠠ ᠶᠢ ᠲᠡᠳᠬᠦᠬᠦ︾ ᠠᠵᠢᠯᠯᠠᠭ᠎ᠠ ᠥᠷᠨᠢᠭᠦᠯᠵᠦ᠂ ᠡᠨᠡ ᠵᠢᠯ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠯᠲᠠᠨ ᠰᠠᠮᠪᠠᠷ᠎ᠠ ᠳᠤ ᠨᠡᠷ᠎ᠡ ᠳᠤᠷᠠᠳᠤᠭᠳᠠᠭᠰᠠᠨ ᠬᠦᠴᠢᠷᠳᠡᠯᠲᠡᠶ ᠰᠤᠷᠤᠭᠴᠢᠳ ᠲᠤ ᠰᠤᠷᠤᠯᠭ᠎ᠠ ᠶᠢ ᠲᠡᠳᠬᠦᠪᠡ᠃
      ᠲᠤᠰ ᠤᠳᠠᠭ᠎ᠠ ᠶᠢᠨ ᠠᠵᠢᠯᠯᠠᠭ᠎ᠠ ᠳᠤ ᠨᠢᠩ ᠶᠤᠸᠠᠨ ᠤ ᠰᠠᠯᠬᠢᠨ ᠬᠦᠴᠦᠨ ᠤ ᠴᠠᠬᠢᠯᠭᠠᠨ᠂ ᠯᠦᠩ ᠶᠤᠸᠠᠨ ᠤ ᠰᠠᠯᠬᠢᠨ ᠬᠦᠴᠦᠨ ᠤ ᠴᠠᠬᠢᠯᠭᠠᠨ᠂ ᠬᠤᠸᠠ ᠨᠧᠩ ᠰᠠᠯᠬᠢᠨ ᠬᠦᠴᠦᠨ ᠤ ᠴᠠᠬᠢᠯᠭᠠᠨ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠪᠤᠯᠤᠳ ᠲᠡᠮᠦᠷ ᠤᠨ ᠬᠤᠯᠪᠣᠭᠠᠨ ᠤ ᠪᠠᠷᠠᠭᠤᠨ ᠦᠷᠦᠨ ᠠᠭᠤᠷᠬᠠᠢ ᠶᠢᠨ ᠦᠢᠯᠡᠰ ᠂ ᠾᠧᠪᠸᠢ ᠶᠢᠨ ᠵᠡᠭᠦᠨ ᠬᠡᠰᠡᠭ ᠤᠨ ᠱᠦᠢᠨᠢ᠂ ᠲᠩᠷᠢ ᠨᠠᠭᠤᠷ ᠤᠨ ᠬᠠᠯᠠᠭᠤᠨ ᠲᠣᠭᠤᠭᠠᠨ ᠤ ᠬᠠᠯᠠᠭᠤᠨ ᠲᠣᠭᠤᠭ᠎ᠠ ᠵᠢᠴᠢ ᠳ᠋ᠠ ᠮᠤᠤ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠤᠯᠪᠣᠭᠠᠲᠤ ᠬᠤᠷᠠᠯ ᠵᠡᠷᠭᠡ ᠠᠵᠤ ᠠᠬᠤᠶᠢᠯᠠᠯ᠂ ᠨᠠᠮ ᠤᠨ ᠭᠡᠰᠢᠭᠦᠨ ᠪᠣᠯᠤᠨ ᠬᠤᠪᠢ ᠬᠥᠮᠦᠨ ᠬᠠᠷᠠᠮ ᠦᠭᠡᠢ ᠲᠤᠰᠠᠯᠠᠵᠤ᠂ ᠨᠡᠶᠢᠳᠡ 1.849 ᠲᠦᠮᠡᠨ ᠲᠥᠭᠦᠷᠢᠭ ᠬᠠᠨᠳᠢᠪᠯᠠᠪᠠ᠃ ᠱᠢ ᠪᠦᠦ ᠲᠡᠮᠦᠷ ᠤᠨ ᠠᠭᠤᠷᠬᠠᠶ ᠶᠢᠨ ᠪᠦᠯᠦᠭᠯᠡᠯ ᠺᠣᠮᠫᠠᠨᠢ ᠶᠢᠨ ︽ᠥᠪᠡᠷ ᠢ ᠪᠠᠨ ᠬᠦᠴᠦᠷᠬᠡᠭᠵᠢᠭᠦᠯᠬᠦ ᠰᠠᠭᠤᠷᠢ ᠮᠥᠩᠭᠦ︾ ᠨᠢ 2 ᠲᠦᠮᠡᠨ ᠲᠥᠭᠦᠷᠢᠭ ᠢ ᠲᠤᠰᠠᠯᠠᠵᠤ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠲᠤᠰᠠᠯᠠᠮᠵᠢ ᠶᠢᠨ ᠲᠥᠪ ᠤᠨ ︽ᠰᠤᠷᠭᠠᠨ ᠬᠥᠮᠦᠵᠢᠯ ᠤᠨ ᠠᠪᠤᠷᠠᠨ ᠲᠤᠰᠠᠯᠠᠬᠤ ᠰᠠᠭᠤᠷᠢ ᠮᠥᠩᠭᠦ︾ ᠨᠢ 1 ᠲᠦᠮᠡᠨ ᠲᠥᠭᠦᠷᠢᠭ ᠢ ᠲᠤᠰᠠᠯᠠᠵᠤ᠂ ᠡᠨᠡ ᠵᠢᠯ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠯᠲᠠᠨ ᠰᠠᠮᠪᠠᠷ᠎ᠠ ᠳᠤ ᠨᠡᠷ᠎ᠡ ᠳᠤᠷᠠᠳᠤᠭᠳᠠᠭᠰᠠᠨ ᠶᠠᠳᠠᠭᠤ ᠬᠦᠴᠢᠷᠳᠡᠯᠲᠡᠶ ᠬᠡᠷ ᠪᠦᠯᠢ ᠶᠢᠨ 77 ᠰᠣᠷᠣᠭᠴᠢ ᠳᠤ ᠲᠤᠰᠠᠯᠠᠮᠵᠢ ᠦᠵᠡᠭᠦᠯᠵᠦ᠂ ᠲᠡᠳᠡᠨ ᠢ ᠬᠠᠪᠰᠤᠷᠤᠨ ᠬᠦᠴᠢᠷᠳᠡᠯ ᠢ ᠢᠯᠠᠨ ᠳᠠᠪᠠᠵᠤ᠂ ᠶᠡᠭᠡ ᠰᠤᠷᠭᠠᠭᠤᠯᠢ ᠶᠢᠨ ᠬᠦᠰᠡᠯ ᠵᠡᠭᠦᠳᠦ ᠶᠢ ᠲᠡᠷᠭᠡᠯᠰᠢᠭᠦᠯᠦᠨ᠎ᠡ᠃
      ᠣᠶᠢᠯᠠᠭᠠᠭᠰᠠᠨ ᠢᠶᠠᠷ᠂ ᠮᠠᠨ ᠤ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠢᠯ ᠪᠦᠷᠢ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠰᠤᠷᠤᠯᠭ᠎ᠠ ᠶᠢ ᠲᠡᠳᠬᠦᠬᠦ ᠠᠵᠢᠯᠯᠠᠭ᠎ᠠ ᠥᠷᠨᠢᠭᠦᠯᠵᠦ᠂ ᠨᠠᠷᠢᠯᠢᠭ ᠣᠨᠣᠴᠠᠲᠠᠶ ᠠᠪᠤᠷᠠᠨ ᠲᠤᠰᠠᠯᠠᠬᠤ ᠵᠠᠭᠪᠤᠷ ᠢ ᠡᠮᠬᠢ ᠵᠢᠷᠤᠮ ᠲᠠᠢ ᠠᠬᠢᠭᠤᠯᠤᠨ᠂ ︽ᠲᠦᠭᠡᠮᠡᠯ ᠬᠠᠶᠢᠷ᠎ᠠ︾ ᠶᠢᠨ ᠰᠢᠷᠢᠰ ᠠᠪᠤᠷᠠᠨ ᠲᠤᠰᠠᠯᠠᠬᠤ ᠲᠥᠷᠥᠯ ᠵᠦᠶ᠋ᠯ ᠢ ᠪᠦᠲᠦᠮᠵᠢᠲᠡᠶ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠬᠡᠷ ᠪᠦᠯᠢ ᠶᠢᠨ ᠰᠢᠯᠢᠳᠡᠭ ᠰᠤᠷᠤᠭᠴᠢᠳ ᠤᠨ ᠰᠤᠷᠭᠠᠭᠤᠯᠢ ᠳᠤ ᠣᠷᠣᠬᠤ ᠬᠦᠰᠡᠯ ᠢ ᠨᠢ ᠪᠡᠶᠡᠯᠡᠭᠦᠯᠬᠦ ᠳᠤ ᠴᠢᠳᠠᠯ ᠤᠨ ᠬᠢᠷᠢ ᠪᠠᠷ ᠢᠶᠠᠨ ᠬᠠᠪᠰᠤᠷᠤᠨ᠎ᠠ᠃ ᠣᠲᠣ ᠪᠣᠯᠲᠠᠯ᠎ᠠ᠂ ᠪᠥᠬᠦ ᠬᠤᠰᠢᠭᠤᠨ ᠤ 430 ᠶᠠᠳᠠᠭᠤ ᠬᠦᠴᠢᠷᠳᠡᠯᠲᠡᠶ ᠬᠡᠷ ᠪᠦᠯᠢ ᠶᠢᠨ ᠰᠣᠷᠣᠭᠴᠢ ᠶᠢ ᠠᠪᠤᠷᠠᠨ ᠲᠤᠰᠠᠯᠠᠵᠤ᠂ 26.9 ᠲᠦᠮᠡᠨ ᠲᠥᠭᠦᠷᠢᠭ ᠤᠨ ᠲᠡᠳᠬᠦᠮᠵᠢ ᠶᠢᠨ ᠮᠥᠩᠭᠦ ᠲᠠᠷᠬᠠᠭᠠᠵᠠᠶ᠃ ᠬᠤᠰᠢᠭᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠦᠭᠡᠮᠡᠯ ᠬᠠᠶᠢᠷ᠎ᠠ ᠶᠢᠨ ᠰᠤᠷᠤᠯᠭ᠎ᠠ ᠶᠢ ᠲᠡᠳᠬᠦᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠥᠷᠭᠡᠨ ᠢᠶᠠᠷ ᠳᠠᠶᠢᠴᠢᠯᠠᠨ᠂ ᠨᠠᠮ ᠪᠠ ᠵᠠᠰᠠᠭ ᠤᠨ ᠣᠷᠳᠣᠨ ᠤ ᠬᠥᠮᠦᠯᠢᠭ ᠦᠵᠡᠯ ᠤᠨ ᠬᠦᠷᠢᠶᠡᠨ ᠳᠠᠬᠢ ᠬᠠᠪᠰᠤᠷᠤᠭᠴᠢ ᠪᠠ ᠣᠯᠠᠨ ᠲᠦᠮᠡᠨ ᠲᠠᠢ ᠬᠠᠷᠢᠯᠴᠠᠬᠤ ᠪᠠ ᠣᠯᠠᠨ ᠲᠦᠮᠡᠨ ᠳᠤ  ᠦᠢᠯᠡᠴᠢᠯᠡᠬᠦ ᠬᠥᠭᠦᠷᠭᠡ ᠬᠤᠯᠪᠣᠭᠠᠰᠤ ᠶᠢᠨ  ᠦᠢᠯᠡᠳᠦᠯ ᠢ ᠭᠦᠶ᠋ᠴᠡᠳ ᠪᠠᠳᠠᠷᠠᠭᠤᠯᠤᠨ᠎ᠠ ᠭᠡᠵᠡᠶ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号