ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ ᠳᠠᠷᠬᠠᠨ ᠰᠤᠮᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠦᠰ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2021/9/8
     
     ᠲᠦᠷᠦᠭᠦᠬᠡᠨ᠂ ᠳᠠᠷᠬᠠᠨ ᠰᠤᠮᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ ᠶᠢᠨ ᠭᠠᠵᠠᠷ ᠤᠨ ᠰᠠᠶᠢᠨ ᠳᠤᠷ᠎ᠠ ᠶᠢᠨ ᠠᠵᠢᠯᠯᠠᠭᠴᠢᠳ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ︾ ᠦᠶ᠋ᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠤᠨ ᠬᠥᠮᠦᠨ︾ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃
     ᠰᠠᠶᠢᠨ ᠳᠤᠷ᠎ᠠ ᠶᠢᠨ ᠠᠵᠢᠯᠯᠠᠭᠴᠢ ᠨᠠᠷ ᠰᠤᠮᠤᠨ ᠤ ᠨᠢᠭᠡ ᠬᠥᠭᠰᠢᠨ ᠬᠤᠶᠠᠭᠤᠯᠠ ᠶᠢᠨ ᠪᠡᠶ᠎ᠡ ᠮᠠᠭᠤᠲᠠᠢ ᠡᠪᠡᠳᠴᠢᠨ ᠡᠮᠭᠡᠭ ᠠᠴᠠ ᠪᠤᠯᠵᠤ᠂ ᠭᠡᠷ ᠪᠠᠶᠢᠰᠢᠩ ᠢ ᠴᠡᠪᠡᠷᠯᠡᠬᠦ ᠪᠠᠭ᠎ᠠ ᠶᠠᠪᠤᠳᠠᠯ ᠨᠢ ᠲᠡᠳᠡᠨ ᠳᠤ ᠠᠪᠴᠤ ᠬᠡᠯᠡᠪᠡᠯ ᠪᠠᠰᠠ ᠨᠢᠭᠡ ᠵᠦᠢᠯ ᠤᠨ ᠬᠦᠴᠢᠷ ᠵᠣᠪᠠᠭᠤᠷᠢ ᠲᠠᠢ ᠶᠠᠪᠤᠳᠠᠯ ᠪᠣᠯᠤᠨ᠎ᠠ ᠭᠡᠳᠡᠭ ᠢ ᠣᠯᠵᠤ ᠮᠡᠳᠡᠵᠡᠢ᠃ ᠢ ᠰᠠᠶᠢᠨ ᠳᠤᠷ᠎ᠠ ᠶᠢᠨ ᠠᠵᠢᠯᠯᠠᠭᠴᠢ ᠨᠠᠷ ᠰᠠᠶᠢᠨ ᠳᠤᠷ᠎ᠠ ᠶᠢᠨ ᠠᠵᠢᠯᠯᠠᠭᠴᠢ ᠨᠠᠷ ᠣᠯᠵᠤ ᠮᠡᠳᠡᠵᠡᠢ᠃ ᠰᠠᠶᠢᠨ ᠳᠤᠷ᠎ᠠ ᠶᠢᠨ ᠠᠵᠢᠯᠯᠠᠭᠴᠢᠳ ᠰᠠᠨᠠᠭᠠᠴᠢᠯᠠᠭ᠎ᠠ ᠠᠴᠠ ᠪᠠᠨ ᠡᠭᠦᠷᠭᠡ ᠪᠠᠨ ᠲᠠᠨᠢᠵᠤ ᠠᠪᠤᠭᠠᠳ᠂ ᠭᠡᠷ ᠲᠤᠨᠢ ᠬᠦᠷᠴᠦ ᠨᠠᠰᠤᠲᠠᠨ ᠤ ᠰᠢᠯ ᠢ ᠵᠦᠯᠭᠦᠵᠦ᠂ ᠭᠠᠵᠠᠷ ᠢ ᠨᠢ ᠵᠦᠯᠭᠦᠵᠦ᠂ ᠲᠡᠳᠡᠨ ᠤ ᠭᠡᠷ ᠪᠠᠶᠢᠰᠢᠩ ᠤᠨ ᠳᠣᠲᠣᠨ᠎ᠠ ᠭᠠᠳᠠᠨ᠎ᠠ ᠶᠢ ᠨᠢ ᠴᠠᠪ ᠴᠡᠪᠡᠷᠬᠡᠨ ᠴᠡᠪᠡᠷᠯᠡᠪᠡ᠃ ᠴᠡᠪᠡᠷᠯᠡᠵᠦ ᠪᠠᠷᠠᠭᠰᠠᠨ ᠤ ᠲᠠᠷᠠᠭ᠎ᠠ᠂ ᠰᠠᠶᠢᠨ ᠳᠤᠷ᠎ᠠ ᠶᠢᠨ ᠠᠵᠢᠯᠯᠠᠭᠴᠢ ᠨᠠᠷ ᠳᠡᠳᠡᠨ ᠲᠠᠢ ᠰᠡᠳᠬᠢᠯ ᠲᠠᠯᠪᠢᠨ ᠶᠠᠷᠢᠯᠴᠠᠵᠤ᠂ ᠳᠡᠳᠡᠨ ᠤ ᠦᠢᠯᠡᠳᠪᠦᠷᠢᠯᠡᠯ᠂ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠨᠠᠮ ᠪᠠ ᠤᠯᠤᠰ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠪᠠ᠃
      ᠮᠠᠨ ᠤ ᠰᠤᠮᠤᠨ ᠤ ᠰᠠᠶᠢᠨ ᠳᠤᠷ᠎ᠠ ᠶᠢᠨ ᠦᠢᠯᠡᠴᠢᠯᠡᠭᠴᠢᠳ ᠡᠨᠡ ᠬᠡᠳᠦᠨ ᠵᠢᠯ ᠳᠤ ᠵᠢᠯ ᠪᠣᠯᠭᠠᠨ ᠢᠷᠡᠵᠦ ᠮᠠᠨ ᠤ ᠬᠤᠶᠠᠷ ᠨᠠᠰᠤᠲᠠᠨ ᠤ ᠰᠢᠯ ᠢ ᠠᠷᠴᠢᠵᠤ᠂ ᠭᠡᠷ ᠪᠠᠶᠢᠰᠢᠩ ᠢ ᠴᠡᠪᠡᠷᠯᠡᠵᠦ᠂ ᠮᠠᠨ ᠤ ᠳᠠᠷᠤᠭᠠᠰᠤ ᠶᠢ ᠪᠠᠭ᠎ᠠ ᠪᠤᠰᠤ ᠬᠥᠩᠭᠡᠯᠡᠭᠰᠡᠨ ᠪᠠᠶᠢᠨ᠎ᠠ᠂ ᠲᠠ ᠨᠠᠷ ᠪᠣᠯ ᠣᠯᠠᠨ ᠲᠦᠮᠡᠨ ᠳᠤ ᠦᠢᠯᠡᠴᠢᠯᠡᠳᠡᠭ ᠰᠠᠶᠢᠨ ᠺᠠᠳ᠋ᠷ ᠶᠤᠮ  ︾ ᠭᠡᠵᠦ ᠨᠠᠰᠤᠲᠠᠨ ᠶᠠᠷᠢᠬᠤ ᠶᠢᠨ ᠳᠠᠭᠠᠤ ᠤᠬᠢᠶᠠᠭᠰᠠᠨ ᠵᠢᠮᠢᠰ ᠢᠶᠠᠨ ᠣᠯᠠᠨ ᠳᠤ ᠬᠤᠪᠢᠶᠠᠨ ᠥᠭᠴᠦ ᠢᠳᠡᠭᠦᠯᠳᠡᠭ ᠪᠣᠯᠬᠤᠷ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠬᠠᠯᠠᠭᠤᠨ ᠳᠤᠯᠠᠭᠠᠨ ᠪᠥᠭᠡᠳ ᠪᠠᠶᠠᠷ ᠬᠥᠷ ᠲᠠᠢ ᠪᠠᠶᠢᠯ᠎ᠠ᠃
      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠦᠨᠳᠦᠰᠦᠲᠡᠨ ᠤ ᠶᠡᠭᠡ ᠬᠡᠷ ᠪᠦᠯᠢ ᠶᠢᠨ ᠬᠠᠯᠠᠭᠤᠨ ᠳᠤᠯᠠᠭᠠᠨ ᠢ ᠤᠯᠠᠮ ᠨᠢᠭᠡ ᠠᠯᠬᠤᠮ ᠮᠡᠳᠡᠷᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠨᠠᠩ ᠢᠯᠡᠭᠦᠤ ᠬᠠᠮᠠᠭᠠᠯᠠᠭᠰᠠᠨ ᠪᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号