ᠰᠢᠨ᠎ᠡ ᠳᠤᠮᠳᠠᠳᠤ ᠤᠯᠤᠰ ᠤᠨ ᠠᠩᠬᠠᠳᠠᠭᠴᠢ  ︽ᠪᠠᠭᠠᠴᠣᠳ ᠤᠨ ᠪᠠᠶᠠᠷ︾
ᠨᠡᠶᠢᠲᠡᠯᠡᠭᠰᠡᠨ ᠴᠠᠭ᠄
2021/9/8
     1950 ᠤᠨ ᠤ 6 ᠳ᠋ᠤᠭᠠᠷ ᠰᠠᠷ᠎ᠠ ᠶᠢᠨ1 ᠤ ᠡᠳᠦᠷ᠂ ᠪᠡᠭᠡᠵᠢᠩ ᠤᠨ ᠵᠦᠩᠱᠠᠨ ᠴᠡᠴᠡᠷᠯᠢᠭ ᠤᠨ ᠲᠠᠭᠤᠤ ᠬᠦᠭᠵᠢᠮ ᠤᠨ ᠲᠠᠩᠬᠢᠮ ᠳᠤ᠂5000 ᠭᠠᠷᠤᠢ ᠪᠠᠭᠠᠴᠣᠳ ᠬᠡᠥᠬᠡᠳ ᠪᠤᠯᠤᠨ ᠨᠡᠶᠢᠭᠡᠮ ᠤᠨ ᠡᠯ᠎ᠡ ᠡᠳᠡᠭᠡᠳ ᠤᠨ  ᠬᠢᠨ ᠴᠤᠭᠯᠠᠷᠠᠵᠦ᠂ ᠰᠢᠨ᠎ᠡ ᠲᠤᠮᠳᠠᠳᠦ ᠤᠯᠤᠰ  ᠪᠠᠶᠢᠭᠤᠯᠤᠭᠳᠠᠭᠰᠠᠨ ᠤ ᠲᠠᠷᠠᠭᠠᠬᠢ ᠠᠩᠬᠠᠳᠠᠭᠴᠢ ᠪᠠᠭᠠᠴᠤᠳ ᠤᠨ ᠪᠠᠶᠠᠷ ᠢ ᠪᠡᠯᠭᠡᠯᠡᠭᠰᠡᠨ ᠶᠤᠮ᠃ ᠲᠤᠰ ᠡᠳᠦᠷ ᠤᠨ ︽ᠠᠷᠠᠳ ᠤᠨ ᠡᠳᠦᠷ ᠤᠨ ᠰᠤᠨᠢᠨ︾ ᠲᠡᠭᠡᠷ᠎ᠡ ᠮᠠᠦ ᠽᠧ ᠳ᠋ᠦᠩ ᠄ ︽ᠪᠠᠭᠠᠴᠣᠳ ᠤᠨ ᠪᠠᠶᠠᠷ ᠢ ᠪᠡᠯᠭᠡᠯᠡᠶ᠎ᠡ︾ ᠭᠡᠰᠡᠨ ᠪᠢᠴᠢᠭᠡᠰᠦ ᠪᠢᠴᠢᠵᠠᠢ᠂ ᠵᠤ᠋ ᠳ᠋ᠧ ᠬᠤᠷᠠᠯ ᠲᠡᠭᠡᠷ᠎ᠡ᠄ ︽ᠲᠠ ᠨᠠᠷ ᠤᠳᠤ ᠬᠡᠳᠦᠶᠢᠪᠡᠷ ᠪᠠᠭ᠎ᠠ ᠪᠤᠯᠪᠠᠴᠦ ᠬᠤᠵᠢᠮ ᠡᠯ᠎ᠡ ᠵᠦᠢᠯ ᠤᠨ ᠰᠢᠨᠵᠢᠯᠡᠬᠦ ᠤᠬᠠᠭᠠᠨ ᠤ ᠮᠡᠳᠡᠯᠭᠡ ᠶᠢ ᠴᠢᠷᠮᠠᠶᠢᠨ ᠰᠤᠷᠤᠯᠴᠠᠬᠤ ᠶᠢᠨ ᠬᠠᠮᠳᠦ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠵᠦ᠂ ᠢᠷᠡᠭᠡᠳᠦᠢ ᠶᠢᠨ ᠰᠢᠨ᠎ᠡ ᠲᠤᠮᠳᠠᠳᠦ ᠤᠯᠤᠰ  ᠢ ᠪᠦᠳᠦᠭᠡᠨ ᠪᠠᠶᠢᠭᠤᠯᠬᠤ ᠠᠵᠢᠯ ᠳᠤ ᠤᠷᠤᠯᠴᠠᠬᠤ ᠪᠠᠷ ᠪᠡᠯᠡᠳᠭᠡᠵᠦ᠂ ᠶᠠᠳᠠᠭᠤ ᠬᠤᠴᠤᠷᠤᠩᠭᠤᠢ ᠲᠤᠮᠳᠠᠳᠦ ᠤᠯᠤᠰ  ᠢ ᠲᠡᠭᠡᠳᠦ ᠬᠡᠮᠵᠢᠶᠡᠨ ᠤ ᠰᠤᠶᠤᠯ ᠲᠠᠢ ᠬᠦᠴᠦᠷᠬᠡᠭ ᠶᠡᠭᠡ ᠠᠵᠦ ᠦᠢᠯᠡᠳᠪᠦᠷᠢ ᠶᠢᠨ ᠰᠠᠭᠤᠷᠢ ᠲᠠᠢ ᠲᠤᠮᠳᠠᠳᠦ ᠤᠯᠤᠰ  ᠪᠤᠯᠭᠠᠨ ᠪᠦᠳᠦᠭᠡᠨ ᠪᠠᠶᠢᠭᠤᠯᠬᠤ ᠬᠡᠷᠡᠭᠳᠡᠢ︾ ᠭᠡᠵᠦ ᠵᠤᠷᠢᠭᠵᠢᠭᠤᠯᠪᠠ᠃
     ᠲᠡᠯᠡᠬᠡᠢ ᠶᠢᠨ ᠬᠤᠶᠠᠳᠤᠭᠠᠷ ᠲᠠᠶᠢᠨ ᠳᠤ ᠪᠡᠶ᠎ᠡ ᠦᠷᠡᠭᠳᠡᠭᠰᠡᠨ ᠬᠡᠥᠬᠡᠳ ᠤᠳ ᠢ ᠲᠤᠷᠠᠰᠬᠠᠵᠦ᠂ ᠪᠦᠬᠦ ᠲᠡᠯᠡᠬᠡᠢ ᠶᠢᠨ ᠬᠡᠥᠬᠡᠳ ᠤᠨ ᠡᠷᠬᠡ ᠠᠰᠢᠭ ᠢ ᠪᠠᠳᠤᠯᠠᠬᠤ ᠶᠢᠨ ᠲᠦᠯᠦᠭᠡ1949 ᠤᠨ ᠤ11  ᠳ᠋ᠦᠭᠡᠷ ᠰᠠᠷ᠎ᠠ ᠳᠤ ᠤᠯᠠᠨ ᠤᠯᠤᠰ ᠤᠨ ᠠᠷᠠᠳᠴᠢᠯᠠᠭᠰᠠᠨ ᠡᠮᠡᠭᠳᠡᠶᠢᠴᠤᠳ ᠤᠨ ᠬᠤᠯᠪᠤᠭᠠᠳᠦ ᠬᠤᠷᠠᠯ ᠠᠴᠠ ᠵᠢᠯ ᠪᠦᠷᠢ ᠶᠢᠨ6 ᠳ᠋ᠤᠭᠠᠷ ᠰᠠᠷ᠎ᠠ ᠶᠢᠨ1 ᠤ ᠡᠳᠦᠷ   ᠢ ᠤᠯᠠᠨ ᠤᠯᠤᠰ ᠤᠨ ᠪᠠᠭᠠᠴᠣᠳ ᠤᠨ ᠪᠠᠶᠠᠷ ᠤᠨ ᠡᠳᠦᠷ ᠢᠶᠠᠷ ᠲᠤᠭᠳᠠᠭᠠᠪᠠ᠃  ᠰᠠᠶ᠋ᠢᠬᠠᠨ ᠪᠠᠶᠢᠭᠤᠯᠤᠭᠳᠠᠭᠰᠠᠨ ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠮᠦᠨ ᠡᠨᠡ ᠡᠳᠦᠷ ᠢ ᠲᠤᠮᠳᠠᠳᠦ ᠤᠯᠤᠰ ᠤᠨ ᠪᠠᠭᠠᠴᠣᠳ ᠤᠨ ᠪᠠᠶᠠᠷ ᠤᠨ ᠡᠳᠦᠷ ᠢᠶᠠᠷ ᠲᠤᠭᠳᠠᠭᠠᠪᠠ᠃ ᠡᠭᠦᠨ ᠠᠴᠠ ᠬᠤᠶᠢᠰᠢ᠂ ᠵᠢᠯ ᠪᠦᠷᠢ ᠶᠢᠨ ︽ᠵᠢᠷᠭᠤᠭᠠᠨ ᠰᠠᠷ᠎ᠠ ᠶᠢᠨ ᠨᠢᠭᠡᠨ︾ ᠳᠤ᠂ ᠪᠦᠬᠦ ᠤᠯᠤᠰ ᠤᠨ ᠡᠯ᠎ᠡ ᠭᠠᠵᠠᠷ ᠤᠨ ᠬᠢᠨ ᠡᠯ᠎ᠡ ᠵᠦᠢ ᠤᠨ ᠠᠵᠢᠯᠯᠠᠭ᠎ᠠ ᠵᠤᠬᠢᠶᠠᠨ ᠪᠠᠶᠢᠭᠤᠯᠵᠦ᠂ ᠪᠠᠭᠠᠴᠣᠳ ᠤᠨ ᠪᠠᠶᠠᠷ ᠤᠨ ᠡᠳᠦᠷ ᠢ ᠪᠡᠯᠭᠡᠯᠡᠳᠡᠭ ᠪᠦᠭᠡᠳ ᠨᠠᠮ ᠪᠠ ᠲᠦᠷᠦ ᠶᠢᠨ ᠤᠳᠤᠷᠢᠳᠬᠤ ᠬᠦᠮᠦᠰ ᠪᠦᠷ ᠵᠢᠭᠠᠪᠤᠷᠢ ᠦᠭᠬᠦ ᠪᠤᠶᠤ ᠪᠡᠯᠭᠡᠯᠡᠬᠦ ᠠᠵᠢᠯᠯᠠᠭ᠎ᠠ ᠳᠤ ᠤᠷᠤᠯᠴᠠᠳᠠᠭ ᠪᠤᠯᠵᠠᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号