| 2022 ᠤᠨ ᠤ1 ᠰᠠᠷ᠎ᠠ ᠶᠢᠨ7 ᠤ ᠡᠳᠦᠷ᠂ ᠤᠯᠤᠰ ᠲᠦᠷᠦ ᠶᠢᠨ ᠵᠦᠪᠯᠡᠯᠭᠡᠨ ᠤ ᠲᠠᠷᠬᠠᠨ ᠮᠤᠤᠮᠢᠩᠭᠠᠨ | ᠬᠤᠯᠪᠤᠭᠠᠳᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠵᠦᠪᠯᠡᠯ ᠤᠨ ᠨᠢᠭᠡᠳᠦᠭᠡᠷ ᠤᠳᠠᠭᠠᠨ ᠤ | ᠬᠤᠷᠠᠯᠳᠤᠭᠠᠨ ᠦᠪᠡᠳᠡᠭᠰᠢ ᠶᠡᠭᠡ ᠪᠠᠷ ᠬᠤᠷᠠᠯᠳᠤᠵᠦ᠂ ᠬᠤᠳᠠ ᠶᠢᠨ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠦᠪᠯᠡᠯ ᠤᠨ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠯᠪᠠᠨ | ᠪᠠᠶᠢᠭᠤᠯᠭ᠎ᠠ ᠳᠤ ᠰᠠᠭᠤᠭ᠎ᠠ ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠲᠤᠭᠤᠶᠢᠯᠠᠩ ᠤᠨ ᠲᠠᠷᠤᠭ᠎ᠠ ᠸᠠᠩ | ᠶᠦᠩ ᠮᠢᠩ᠂ ᠬᠤᠳᠠ ᠶᠢᠨ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠬᠤᠳᠠ | ᠶᠢᠨ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶᠠᠨ ᠳᠤ ᠰᠠᠭᠤᠭ᠎ᠠ ᠰᠠᠬᠢᠯᠭ᠎ᠠ ᠪᠠᠳᠦ ᠪᠠᠶᠢᠴᠠᠭᠠᠬᠤ | ᠲᠤᠭᠤᠶᠢᠯᠠᠩ ᠤᠨ ᠺᠠᠳ᠋ᠷ ᠸᠠᠩ ᠽᠢ ᠮᠢᠩ ᠤᠷᠢᠯᠭ᠎ᠠ ᠪᠠᠷ ᠬᠤᠷᠠᠯ ᠳᠤ ᠤᠷᠤᠯᠴᠠᠪᠠ᠃ | ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠰᠤᠳᠤ᠂ ᠬᠤᠰᠢᠭᠤᠨ ᠤ ᠤᠯᠤᠰ ᠲᠦᠷᠦ | ᠶᠢᠨ ᠵᠦᠪᠯᠡᠯᠭᠡᠨ ᠤ ᠨᠠᠮ ᠤᠨ ᠲᠤᠭᠤᠶᠢᠯᠠᠩ ᠤᠨ ᠱᠦᠵᠢ ᠯᠢ ᠶᠦᠨ ᠰᠢᠨ᠂ ᠲᠡᠳ᠋ ᠲᠡᠷᠢᠭᠦᠯᠡᠭᠴᠢ ᠰᠠᠷᠠᠩᠭᠤᠸ᠎ᠠ᠂ | ᠡᠥ ᠼᠦᠢᠨ ᠪᠤᠤ᠂ ᠯᠢ ᠸᠧᠢ᠂ ᠪᠠᠳᠤᠴᠢᠯᠠᠭᠤ᠂ ᠤᠯᠤᠰ ᠲᠦᠷᠦ ᠶᠢᠨ ᠵᠦᠪᠯᠡᠯᠭᠡᠨ ᠤ ᠵᠢᠱᠢᠳᠡᠭᠴᠢ ᠸᠠᠩ ᡁᠢ | ᠶᠦᠩ᠂ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶᠠᠨ ᠤ | ᠲᠠᠷᠤᠭ᠎ᠠ ᠰᠦᠨ ᠪᠢᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠦᠷ ᠲᠤ ᠰᠠᠭᠠᠳᠠᠵᠦ᠂ ᠵᠢᠶᠠ ᠪᠤᠤ ᠯᠢᠶᠠᠩ᠂ ᠱᠢ | ᠵᠦᠩ ᠴᠢᠨ᠂ ᠬᠦᠩ ᠬᠤᠸᠠ ᠵᠢᠴᠢ ᠬᠤᠰᠢᠭᠤᠨ ᠳᠤ ᠰᠠᠭᠤᠭ᠎ᠠ ᠲᠡᠳ᠋ ᠰᠢᠶᠠᠨ ᠤ ᠲᠡᠰ ᠠᠴᠠ ᠲᠡᠭᠡᠭᠰᠢᠬᠢ | ᠤᠳᠤᠷᠢᠳᠤᠯᠭ᠎ᠠ ᠨᠠᠷ ᠬᠤᠷᠠᠯ ᠳᠤ ᠤᠷᠤᠯᠴᠠᠵᠠᠢ᠃ ᠲᠤᠰ ᠤᠳᠠᠭᠠᠨ ᠤ ᠬᠤᠷᠠᠯ ᠳᠤ ᠤᠷᠤᠯᠴᠠᠬᠤ ᠶᠤᠰᠤᠳᠠᠢ | ᠬᠦᠮᠦᠨ150᠂ ᠤᠷᠤᠯᠴᠠᠭᠰᠠᠨ ᠬᠦᠮᠦᠨ145 ᠪᠠᠶᠢᠵᠦ᠂ ᠲᠤᠭᠳᠠᠭᠠᠯ ᠳᠤ ᠨᠡᠶᠢᠴᠡᠭᠰᠡᠨ ᠪᠠᠶᠢᠨ᠎ᠠ᠃ | ᠯᠢ ᠶᠦᠩ ᠰᠢᠨ ᠶᠡᠭᠡ ᠬᠤᠷᠠᠯ ᠢ ᠡᠷᠬᠢᠯᠡᠵᠦ᠂ ᠰᠤᠳᠤ ᠤᠯᠤᠰ ᠲᠦᠷᠦ ᠶᠢᠨ ᠵᠦᠪᠯᠡᠯᠭᠡᠨ ᠤ ᠲᠠᠷᠬᠠᠨ | ᠮᠤᠤᠮᠢᠩᠭᠠᠨ ᠬᠤᠯᠪᠤᠳᠠᠳᠦ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠵᠦᠪᠯᠡᠯ ᠤᠨ ᠪᠠᠶᠢᠩᠭᠤ ᠶᠢᠨ | ᠬᠤᠷᠢᠶᠠᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠠᠵᠢᠯ ᠤᠨ ᠮᠡᠳᠡᠭᠦᠯᠦᠯᠳᠡ ᠬᠢᠭᠰᠡᠨ ᠪᠠᠶᠢᠨ᠎ᠠ᠃ | ᠰᠤᠳᠤ ᠶᠠᠷᠢᠶᠠᠨ ᠳᠤ ᠪᠠᠨ ᠲᠦᠷᠪᠡᠨ ᠵᠢᠯ ᠤᠨ ᠲᠤᠷᠰᠢ᠂ ᠠᠷᠪᠠᠨ ᠲᠦᠷᠪᠡᠳᠦᠭᠡᠷ ᠬᠤᠭᠤᠴᠠᠭᠠᠨ ᠤ ᠤᠯᠤᠰ | ᠲᠦᠷᠦ ᠶᠢᠨ ᠵᠦᠪᠯᠡᠯᠭᠡᠨ ᠨᠢ ᠤᠯᠤᠰ ᠲᠦᠷᠦ ᠶᠢᠨ ᠵᠦᠪᠯᠡᠯᠭᠡᠨ ᠳᠤ ᠪᠤᠭᠤᠳᠦ ᠬᠤᠳᠠ ᠶᠢᠨ ᠵᠦᠪᠯᠡᠯ ᠤᠨ ᠨᠠᠷᠢᠨ | ᠨᠢᠮᠪᠠᠢ ᠵᠢᠯᠤᠭᠤᠳᠤᠯᠭ᠎ᠠ ᠪᠠ ᠲᠤᠮᠳᠠᠳᠦ ᠤᠯᠤᠰ ᠤᠨ ᠡᠪ ᠬᠠᠮᠳᠦ ᠨᠠᠮ ᠤᠨ ᠲᠠᠷᠬᠠᠨ ᠮᠤᠤᠮᠢᠩᠭᠠᠨ ᠬᠤᠯᠪᠤᠭᠠᠳᠦ | ᠬᠤᠰᠢᠭᠤᠨ ᠤ ᠨᠠᠮ ᠤᠨ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠪᠤᠯᠭᠠᠵᠦ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠡ ᠬᠤᠷᠠᠯ ᠤᠨ ᠵᠤᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠤᠯ | ᠰᠡᠳᠦᠪ ᠢ ᠪᠠᠳᠤ ᠡᠵᠡᠮᠳᠡᠵᠦ᠂ ᠪᠦᠬᠦ ᠬᠤᠰᠢᠭᠤᠨ ᠤ ᠭᠤᠤᠯ ᠠᠵᠢᠯ ᠢ ᠤᠬᠠᠮᠰᠠᠷ ᠠᠴᠠ ᠪᠠᠨ ᠲᠠᠭᠠᠵᠦ ᠦᠢᠯᠡᠴᠢᠯᠡᠨ | ᠂ ᠤᠯᠤᠰ ᠲᠦᠷᠦ ᠶᠢᠨ ᠵᠦᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠳᠠ ᠲᠠᠯᠪᠢᠬᠤ᠂ ᠲᠦᠷᠦ ᠶᠢᠨ ᠶᠠᠪᠤᠳᠠᠯ ᠳᠤ | ᠤᠷᠤᠯᠴᠠᠨ ᠲᠦᠷᠦ ᠶᠢᠨ ᠶᠠᠪᠤᠳᠠᠯ ᠢ ᠵᠦᠪᠯᠡᠯᠬᠦ ᠡᠭᠦᠷᠭᠡ ᠴᠢᠳᠠᠪᠦᠷᠢ ᠪᠠᠨ ᠨᠠᠷᠢᠨ ᠬᠢᠨᠠᠮᠠᠭᠠᠢ ᠭᠦᠢᠴᠡᠳᠭᠡᠵᠦ᠂ ᠮᠠᠨ ᠤ | ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠬᠦᠴᠢᠷ ᠢ ᠰᠢᠢᠳᠪᠦᠷᠢᠯᠡᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ | ᠪᠠᠷ ᠪᠡᠶᠡᠯᠡᠭᠦᠯᠬᠦ ᠰᠢᠢᠳᠪᠦᠷᠢᠳᠦ ᠢᠯᠠᠯᠳᠠ ᠶᠢ ᠤᠯᠬᠤ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ | ᠶᠢ ᠠᠮᠵᠢᠯᠳᠠ ᠲᠠᠢ ᠲᠡᠭᠦᠰᠭᠡᠬᠦ ᠪᠠ ᠠᠷᠪᠠᠨ ᠲᠦᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ ᠶᠢᠨ ᠰᠠᠶᠢᠨ | ᠡᠬᠢᠯᠡᠯᠳᠡ ᠶᠢ ᠪᠡᠶᠡᠯᠡᠭᠦᠯᠬᠦ ᠳᠤ ᠤᠯᠤᠰ ᠲᠦᠷᠦ ᠶᠢᠨ ᠵᠦᠪᠯᠡᠯᠭᠡᠨ ᠤ ᠤᠶᠤᠨ ᠤᠬᠠᠭᠠᠨ ᠪᠠ ᠬᠦᠴᠦᠨ ᠴᠢᠳᠠᠯ ᠢᠶᠠᠨ | ᠡᠷᠭᠦᠪᠡ ᠬᠡᠵᠡᠢ᠃ | | ᠰᠤᠳᠤ ᠤᠯᠤᠰ ᠲᠦᠷᠦ ᠶᠢᠨ ᠵᠦᠪᠯᠡᠯᠭᠡᠨ ᠤ ᠦᠩᠭᠡᠷᠡᠭᠰᠡᠨ ᠲᠦᠷᠪᠡᠨ ᠵᠢᠯ ᠤᠨ ᠠᠵᠢᠯ ᠢᠶᠠᠨ ᠵᠢᠷᠭᠤᠭᠠᠨ | ᠲᠠᠯ᠎ᠠ ᠪᠠᠷ ᠳ᠋ᠦᠩᠨᠡᠪᠡ᠃ ᠨᠢᠭᠡ ᠳᠤ ᠲᠤᠭ ᠢᠶᠠᠨ ᠦᠨᠳᠦᠷ ᠮᠠᠨᠳᠤᠭᠤᠯᠵᠦ᠂ ᠰᠠᠭᠤᠷᠢ ᠪᠠᠨ ᠪᠠᠬᠢᠵᠢᠭᠦᠯᠦᠨ ᠤᠯᠤᠰ | ᠲᠦᠷᠦ ᠶᠢᠨ ᠵᠦᠪᠯᠡᠯᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠨᠡᠩ ᠪᠠᠳᠤᠳᠬᠠᠪᠠ᠃ ᠬᠤᠶᠠᠷ ᠲᠤ | ᠭᠤᠤᠯᠳᠠᠯᠭ᠎ᠠ ᠶᠢᠨ ᠲᠤᠭᠤᠷᠢᠨ ᠳᠤ ᠪᠦᠬᠦ ᠲᠠᠯ᠎ᠠ ᠳᠤ ᠦᠢᠯᠡᠴᠢᠯᠡᠵᠦ᠂ ᠲᠠᠷᠬᠠᠨ ᠮᠤᠤᠮᠢᠩᠭᠠᠨ ᠤ ᠴᠢᠨᠠᠷ ᠰᠠᠶᠢᠳᠠᠢ | ᠬᠦᠭᠵᠢᠯᠳᠡ ᠶᠢ ᠨᠡᠩ ᠬᠦᠴᠦᠳᠡᠢ ᠲᠦᠯᠬᠢᠨ ᠠᠬᠢᠭᠤᠯᠪᠠ᠃ ᠭᠤᠷᠪᠠ ᠳᠤ ᠠᠷᠠᠳ ᠤᠨ ᠠᠮᠢᠳᠤᠷᠠᠯ ᠳᠤ ᠠᠩᠬᠠᠷᠤᠯ | ᠢᠶᠠᠨ ᠲᠦᠪᠯᠡᠷᠡᠭᠦᠯᠬᠦ᠂ ᠠᠷᠠᠳ ᠤᠨ ᠲᠦᠯᠦᠭᠡ ᠶᠠᠷᠢᠵᠦ᠂ ᠠᠷᠠᠳ ᠢᠶᠠᠨ ᠬᠠᠶᠢᠷᠠᠯᠠᠨ ᠠᠷᠠᠳ ᠤᠨ ᠲᠦᠯᠦᠭᠡ | ᠵᠢᠳᠬᠦᠬᠦ ᠰᠡᠳᠭᠢᠯᠬᠡ ᠨᠡᠩ ᠲᠤᠪᠤᠶᠢᠮ᠎ᠠ ᠪᠤᠯᠪᠠ᠃ ᠲᠦᠷᠪᠡ ᠳᠤ ᠪᠦᠯᠬᠦᠮᠳᠡᠨ ᠬᠠᠮᠳᠤᠷᠠᠯᠴᠠᠵᠦ᠂ ᠬᠤᠤᠰ ᠴᠢᠭᠯᠡᠯ | ᠢᠶᠠᠷ ᠬᠦᠴᠦᠯᠡᠨ᠂ ᠴᠤᠭ ᠪᠠᠳᠠᠷᠠᠩᠭᠤᠢ ᠪᠠᠷ ᠡᠷᠡᠯᠬᠡᠭᠯᠡᠨ ᠤᠷᠤᠭᠰᠢᠯᠠᠬᠤ ᠨᠡᠶᠢᠯᠡᠮᠡᠯ ᠬᠦᠴᠦᠨ ᠢ ᠨᠢᠠᠠᠳᠠᠷᠠᠭᠤᠯᠤᠨ | ᠡᠷᠴᠢᠮᠵᠢᠭᠦᠯᠪᠠ᠃ ᠲᠠᠪᠤ ᠳᠤ ᠦᠭᠡᠷᠡᠴᠢᠯᠡᠯᠳᠡ ᠬᠢᠵᠦ ᠰᠢᠨ᠎ᠡ ᠶᠢ ᠡᠭᠦᠳᠬᠦ᠂ ᠢᠳᠡᠪᠬᠢᠳᠡᠢ ᠦᠢᠯᠡᠳᠦᠯᠭᠡᠵᠢᠭᠦᠯᠬᠦ᠂ | ᠵᠦᠪᠯᠡᠯ ᠠᠷᠠᠳᠴᠢᠯᠠᠯ ᠤᠨ ᠲᠠᠪᠬᠤᠷᠭ᠎ᠠ ᠶᠢ ᠨᠡᠩ ᠦᠷᠭᠡᠨ ᠲᠡᠯᠭᠡᠷ ᠪᠤᠯᠭᠠᠪᠠ᠃ ᠵᠢᠷᠭᠤᠭ᠎ᠠ ᠳᠤ ᠰᠠᠭᠤᠷᠢ ᠪᠠᠨ | ᠪᠠᠳᠤᠳᠬᠠᠵᠦ᠂ ᠴᠢᠳᠠᠪᠦᠷᠢ ᠪᠠᠨ ᠨᠡᠮᠡᠭᠳᠡᠭᠦᠯᠦᠨ᠂ ᠤᠯᠤᠰ ᠤᠨ ᠢᠶᠠᠨ ᠲᠦᠯᠦᠭᠡ ᠡᠭᠦᠷᠭᠡ ᠬᠠᠷᠢᠭᠤᠴᠠᠯᠭ᠎ᠠ ᠪᠠᠨ | ᠬᠦᠢᠴᠡᠳᠭᠡᠬᠦ ᠤᠯᠤᠰ ᠲᠦᠷᠦ ᠶᠢᠨ ᠡᠭᠦᠷᠭᠡᠯᠡᠯ ᠢ ᠨᠡᠩ ᠪᠠᠳᠤᠳᠬᠠᠪᠠ᠃ | ᠰᠤᠳᠤ ᠶᠠᠷᠢᠶᠠᠨ ᠳᠤ ᠪᠠᠨ ᠲᠦᠷᠪᠡᠨ ᠵᠢᠯ ᠤᠨ ᠲᠤᠡᠰᠢ᠂ ᠠᠷᠪᠠᠨ ᠲᠦᠷᠪᠡᠳᠦᠭᠡᠷ ᠬᠤᠭᠤᠴᠠᠭᠠᠨ ᠤ ᠤᠯᠤᠰ | ᠲᠦᠷᠦ ᠶᠢᠨ ᠵᠦᠪᠯᠡᠯᠭᠡᠨ ᠦᠢᠯᠡᠳᠦᠯᠭᠡ ᠰᠦᠪᠡᠭᠴᠢᠯᠡᠯᠳᠡ ᠶᠢᠨ ᠲᠤᠮᠳᠠ ᠡᠳᠦᠢ ᠲᠡᠳᠦᠢ ᠠᠰᠢᠭᠳᠠᠢ ᠲᠤᠷᠰᠢᠯᠭ᠎ᠠ ᠶᠢ | ᠬᠤᠷᠠᠮᠳᠤᠭᠤᠯᠵᠦ᠂ ᠵᠢᠮ᠎ᠡ ᠶᠤᠰᠤᠴᠢ ᠴᠢᠨᠠᠷᠳᠠᠢ ᠲᠠᠨᠢᠯᠳᠠ ᠪᠠ ᠤᠶᠢᠯᠠᠭᠠᠯᠳᠠ ᠲᠠᠢ ᠪᠤᠯᠵᠡᠢ᠃ ᠨᠢᠭᠡ ᠳᠤ ᠡᠷᠬᠡᠪᠰᠢ | ᠨᠠᠮ ᠤᠨ ᠤᠳᠤᠷᠢᠳᠤᠯᠭ᠎ᠠ ᠶᠢ ᠪᠠᠷᠢᠮᠳᠠᠯᠠᠪᠠᠯ ᠤᠯᠤᠰ ᠲᠦᠷᠦ ᠶᠢᠨ ᠵᠦᠪᠯᠡᠯᠭᠡᠨ ᠤ ᠠᠵᠢᠯ ᠰᠠᠶ᠋ᠢ ᠠᠮᠵᠢᠯᠳᠠ ᠲᠠᠢ | ᠪᠤᠯᠵᠦ ᠴᠢᠳᠠᠨ᠎ᠠ᠃ ᠬᠤᠶᠠᠷ ᠲᠤ ᠡᠷᠬᠡᠪᠰᠢ ᠪᠦᠬᠦ ᠲᠠᠯ᠎ᠠ ᠳᠤ ᠦᠢᠯᠡᠴᠢᠯᠡᠬᠦ ᠶᠢ ᠪᠠᠷᠢᠮᠳᠠᠯᠠᠪᠠᠯ ᠤᠯᠤᠰ ᠲᠦᠷᠦ ᠶᠢᠨ | ᠵᠦᠪᠯᠡᠯᠭᠡᠨ ᠤ ᠠᠵᠢᠯ ᠰᠠᠶ᠋ᠢ ᠤᠷᠤᠨ ᠪᠠᠶᠢᠷᠢ ᠲᠠᠢ ᠪᠤᠯᠵᠦ ᠴᠢᠳᠠᠨ᠎ᠠ᠃ ᠭᠤᠷᠪᠠ ᠳᠤ ᠡᠷᠬᠡᠪᠰᠢ ᠠᠷᠠᠳ ᠤᠯᠠᠨ ᠲᠠᠢ | ᠤᠶᠢᠷᠠᠳᠬᠤ ᠶᠢ ᠪᠠᠷᠢᠮᠳᠠᠯᠠᠪᠠᠯ ᠤᠯᠤᠰ ᠲᠦᠷᠦ ᠶᠢᠨ ᠵᠦᠪᠯᠡᠯᠭᠡᠨ ᠤ ᠠᠵᠢᠯ ᠰᠠᠶ᠋ᠢ ᠪᠦᠳᠦᠮᠵᠢᠳᠡᠢ ᠪᠤᠯᠵᠦ ᠴᠢᠳᠠᠨ᠎ᠠ᠃ | ᠲᠦᠷᠪᠡ ᠳᠤ ᠪᠦᠯᠬᠦᠮᠳᠡᠯ ᠠᠷᠠᠳᠴᠢᠯᠠᠯ ᠢ ᠡᠷᠬᠡᠪᠰᠢ ᠪᠠᠷᠢᠮᠳᠠᠯᠠᠪᠠᠯ ᠤᠯᠤᠰ ᠲᠦᠷᠦ ᠶᠢᠨ ᠵᠦᠪᠯᠡᠯᠭᠡᠨ ᠤ ᠠᠵᠢᠯ | ᠰᠠᠶ᠋ᠢ ᠬᠦᠴᠦᠳᠡᠢ ᠪᠤᠯᠵᠦ ᠴᠢᠳᠠᠨ᠎ᠠ᠃ ᠲᠠᠪᠤ ᠳᠤ ᠡᠷᠬᠡᠪᠰᠢ ᠬᠡᠰᠢᠭᠦᠳ ᠢᠶᠠᠷ ᠦᠨᠳᠦᠰᠦ ᠪᠤᠯᠭᠠᠬᠤ ᠶᠢ ᠪᠠᠷᠢᠮᠳᠠᠯᠠᠪᠠᠯ | ᠤᠯᠤᠰ ᠲᠦᠷᠦ ᠶᠢᠨ ᠵᠦᠪᠯᠡᠯᠭᠡᠨ ᠤ ᠦᠢᠯᠡᠰ ᠰᠠᠶ᠋ᠢ ᠠᠮᠵᠢᠯᠳᠠ ᠤᠯᠵᠦ ᠴᠢᠳᠠᠨ᠎ᠠ ᠬᠡᠵᠡᠢ᠃ | | | | | | ᠰᠤᠳᠤ ᠵᠢᠭᠠᠵᠦ ᠭᠠᠷᠭᠠᠬᠤ ᠳᠤ ᠪᠠᠨ ᠬᠤᠶᠢᠰᠢᠳᠠ ᠶᠢᠨ ᠲᠠᠪᠤᠨ ᠵᠢᠯ ᠪᠤᠯ ᠮᠠᠨ ᠤ ᠬᠤᠰᠢᠭᠤᠨ ᠤ ᠠᠷᠪᠠᠨ | ᠲᠦᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ ᠶᠢ ᠬᠡᠷᠡᠭᠵᠢᠬᠦᠯᠦᠨ ᠰᠢᠨ᠎ᠡ ᠪᠠᠶᠢᠳᠠᠯ ᠢ ᠨᠡᠭᠡᠭᠡᠵᠦ᠂ ᠰᠢᠨ᠎ᠡ | ᠬᠠᠭᠤᠳᠠᠰᠦ ᠶᠢ ᠲᠦᠯᠦᠪᠯᠡᠨ᠂ ᠨᠡᠶᠢᠭᠡᠮ ᠵᠢᠷᠤᠮ ᠤᠨ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢᠨ ᠰᠢᠨ᠎ᠡ | ᠠᠶᠠᠨ ᠵᠠᠮ ᠢ ᠪᠦᠬᠦ ᠬᠦᠴᠦᠨ ᠢᠶᠠᠷ ᠢᠶᠠᠨ ᠠᠬᠢᠭᠤᠯᠬᠤ ᠵᠠᠩᠭᠢᠯᠭ᠎ᠠ ᠶᠢᠨ ᠲᠠᠪᠤᠨ ᠵᠢᠯ ᠪᠤᠯᠤᠨ᠎ᠠ᠃ ᠬᠤᠶᠢᠰᠢᠳᠠ ᠶᠢᠨ | ᠲᠠᠪᠤᠨ ᠵᠢᠯ ᠳᠠᠬᠢ ᠰᠢᠨ᠎ᠡ ᠨᠢᠭᠡ ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠶᠡᠷᠦᠩᠭᠡᠢ | ᠰᠡᠳᠬᠢᠴᠡ ᠪᠤᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ | ᠠᠷᠪᠠ ᠶᠢᠰᠢᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ | ᠲᠤᠭᠤᠰᠢᠯᠠᠭᠤᠯᠵᠦ᠂ ᠰᠢ ᠶᠢᠨ ᠫᠢᠩ ᠶᠡᠷᠦᠩᠭᠡᠢ ᠱᠦᠵᠢ ᠶᠢᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢᠴᠢ ᠦᠪᠦᠷ ᠮᠤᠩᠭᠤᠯ ᠳᠤ | ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠦᠷᠢᠵᠢᠭᠤᠯᠵᠦ᠂ ᠲᠤᠮᠳᠠᠳᠦ ᠤᠯᠤᠰ ᠤᠨ ᠡᠪ ᠬᠠᠮᠳᠦ ᠨᠠᠮ ᠤᠨ ᠲᠠᠷᠬᠠᠨ ᠮᠤᠤᠮᠢᠩᠭᠠᠨ ᠬᠤᠯᠪᠤᠭᠠᠳᠦ | ᠬᠤᠰᠢᠭᠤᠨ ᠤ ᠨᠠᠮ ᠤᠨ ᠬᠤᠷᠢᠶ᠎ᠠ ᠶᠢᠨ ᠪᠠᠳᠦ ᠴᠢᠩᠭ᠎ᠠ ᠤᠳᠤᠷᠢᠳᠤᠯᠭ᠎ᠠ ᠲᠤᠤᠷ᠎ᠠ᠂ ᠪᠦᠯᠬᠦᠮᠳᠡᠯ ᠪᠠ ᠠᠷᠠᠳᠴᠢᠯᠠᠯ | ᠤᠨ ᠬᠤᠶᠠᠷ ᠶᠡᠭᠡ ᠭᠤᠤᠯ ᠰᠡᠳᠦᠪ ᠢ ᠪᠠᠷᠢᠮᠳᠠᠯᠠᠵᠦ᠂ ᠬᠤᠰᠢᠭᠤᠨ ᠤ ᠠᠷᠪᠠᠨ ᠲᠦᠷᠪᠡᠳᠦᠭᠡᠷ ᠤᠳᠠᠭᠠᠨ ᠤ ᠨᠠᠮ ᠤᠨ | ᠲᠦᠯᠦᠭᠡᠯᠡᠭᠴᠢᠳ ᠤᠨ ᠶᠡᠭᠡ ᠬᠤᠷᠠᠯ ᠠᠴᠠ ᠲᠤᠭᠳᠠᠭᠠᠭᠰᠠᠨ ᠭᠤᠤᠯᠳᠠᠯᠭ᠎ᠠ ᠲᠠᠢ ᠠᠵᠢᠯ ᠤᠨ ᠲᠤᠭᠤᠷᠢᠨ ᠳᠤ | ᠠᠩᠬᠠᠷᠤᠯ ᠢᠶᠠᠨ ᠲᠦᠪᠯᠡᠷᠡᠭᠦᠯᠦᠨ᠂ ᠠᠮᠢ ᠠᠬᠤᠢ ᠪᠠᠷ ᠬᠤᠰᠢᠭᠤ ᠪᠠᠨ ᠬᠦᠭᠵᠢᠭᠦᠯᠵᠦ᠂ ᠠᠵᠦ ᠦᠢᠯᠡᠳᠪᠦᠷᠢ ᠪᠠᠷ | ᠬᠤᠰᠢᠭᠤ ᠪᠠᠨ ᠬᠦᠴᠦᠷᠬᠡᠭᠵᠢᠭᠦᠯᠬᠦ᠂ ᠨᠡᠭᠡᠭᠡᠯᠳᠡ ᠬᠢᠵᠦ ᠬᠤᠰᠢᠭᠤ ᠪᠠᠨ ᠮᠠᠨᠳᠤᠭᠤᠯᠬᠤ ︽ᠭᠤᠷᠪᠠᠨ ᠶᠡᠭᠡ | ᠪᠠᠶᠢᠯᠳᠤᠬᠤ ᠪᠤᠳᠤᠯᠭ᠎ᠠ︾ ᠳᠤ ᠠᠩᠬᠠᠷᠤᠯ ᠢᠶᠠᠨ ᠲᠦᠪᠯᠡᠷᠡᠭᠦᠯᠵᠦ᠂ ᠤᠯᠤᠰ ᠲᠦᠷᠦ ᠪᠠᠷ ᠬᠦᠳᠦᠴᠢ ᠪᠤᠯᠭᠠᠬᠤ ᠶᠢ | ᠴᠢᠨᠠᠭᠰᠢᠳᠠ ᠴᠢᠩᠭᠠᠳᠬᠠᠵᠦ᠂ ᠵᠦᠪᠯᠡᠬᠦ ᠪᠠ ᠵᠠᠰᠠᠭ ᠤᠨ ᠶᠠᠪᠤᠳᠠᠯ ᠢ ᠵᠦᠪᠯᠡᠬᠦ ᠶᠢ ᠲᠤᠪᠤᠶᠢᠯᠭᠠᠵᠦ᠂ ᠠᠷᠠᠳᠴᠢᠯᠠᠯ | ᠢᠶᠠᠷ ᠬᠢᠨᠠᠯᠳᠠ ᠲᠠᠯᠪᠢᠬᠤ ᠶᠢ ᠭᠦᠨᠵᠡᠭᠡᠶᠢᠷᠡᠭᠦᠯᠵᠦ᠂ ᠤᠶᠤᠨ ᠤᠬᠠᠭᠠᠨ ᠬᠦᠴᠦᠨ ᠴᠢᠳᠠᠯ ᠢᠶᠠᠨ ᠦᠷᠭᠡᠨ ᠢᠶᠠᠷ | ᠨᠢᠠᠠᠳᠠᠷᠠᠭᠤᠯᠵᠦ᠂ ᠨᠢᠬᠡ ᠰᠡᠳᠬᠢᠯ ᠨᠢᠭᠡ ᠵᠤᠷᠢᠭ ᠢᠶᠠᠷ ᠦᠢᠯᠡᠰ ᠪᠦᠳᠦᠭᠡᠵᠦ᠂ ᠬᠦᠴᠢᠷ ᠢ ᠲᠤᠭᠤᠯᠤᠨ | ᠨᠠᠶᠢᠳᠠᠪᠢᠷᠢᠵᠢᠭᠤᠯᠤᠯᠳᠠ ᠶᠢ ᠠᠳᠬᠤᠵᠦ᠂ ᠠᠮᠢ ᠠᠬᠤᠢ᠂ ᠠᠮᠢᠵᠢᠷᠠᠯ ᠤᠨ ᠬᠦᠴᠦᠨ᠂ ᠠᠮᠤᠷ ᠠᠮᠤᠭᠤᠯᠠᠩ᠂ ᠡᠶ᠎ᠡ | ᠵᠤᠬᠢᠴᠠᠩᠭᠤᠢ ᠰᠢᠨ᠎ᠡ ᠴᠠᠭ ᠦᠶ᠎ᠡ ᠶᠢᠨ ᠨᠡᠶᠢᠬᠡᠨ ᠵᠢᠷᠤᠮ ᠤᠨ ᠤᠳᠤᠬᠢᠴᠢᠯᠠᠯᠳᠠ ᠶᠢᠨ ᠰᠢᠨ᠎ᠡ ᠲᠠᠷᠬᠠᠨ ᠮᠤᠤᠮᠢᠩᠭᠠᠨ | ᠢ ᠪᠠᠶᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠬᠡᠵᠡᠢ᠃ | 2022 ᠤᠨ ᠪᠤᠯ ᠠᠷᠪᠠᠨ ᠲᠠᠪᠤᠳᠤᠭᠠᠷ ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ ᠡᠭᠦᠷᠭᠡ | ᠲᠤᠰᠢᠶᠠᠯ ᠢᠶᠠᠨ ᠬᠦᠢᠴᠡᠳᠭᠡᠬᠦ ᠡᠬᠢᠯᠡᠯᠳᠡ ᠶᠢᠨ ᠵᠢᠯ ᠮᠦᠨ᠂ ᠪᠠᠰᠠ ᠴᠦ ᠮᠠᠨ ᠤ ᠬᠤᠰᠢᠭᠤᠨ ᠤ ᠠᠷᠪᠠᠨ | ᠲᠦᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠵᠠᠩᠭᠢᠯᠭ᠎ᠠ ᠶᠢᠨ ᠵᠢᠯ ᠮᠦᠨ᠃ | ᠰᠢᠨ᠎ᠡ ᠨᠢᠭᠡ ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶ᠎ᠠ ᠡᠯ᠎ᠡ ᠦᠨᠳᠦᠰᠦᠳᠡᠨ | ᠡᠯ᠎ᠡ ᠡᠳᠡᠭᠡᠳ ᠤᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ | ᠠᠷᠪᠠ ᠶᠢᠰᠢᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠡ ᠬᠤᠷᠠᠯ ᠤᠨ ᠵᠤᠷᠢᠭ ᠰᠠᠨᠠᠭ᠎ᠠ ᠲᠠᠢ | ᠨᠢᠭᠡᠳᠬᠡᠵᠦ᠂ ᠬᠦᠴᠦᠨ ᠴᠢᠳᠠᠯ ᠢᠶᠠᠨ ᠬᠤᠰᠢᠭᠤᠨ ᠤ ᠠᠷᠪᠠᠨ ᠲᠦᠷᠪᠡᠳᠦᠭᠡᠷ ᠣᠳᠠᠭ᠎ᠠ ᠶᠢᠨ ᠨᠠᠮ ᠤᠨ | ᠲᠦᠯᠦᠭᠡᠯᠡᠭᠴᠢᠳ ᠤᠨ ᠶᠡᠭᠡ ᠬᠤᠷᠠᠯ ᠪᠠ ᠬᠤᠰᠢᠭᠤ ᠨᠠᠮ ᠤᠨ ᠬᠤᠷᠢᠶᠠᠨ ᠤ ᠠᠷᠪᠠᠨ ᠲᠦᠷᠪᠡᠳᠦᠭᠡᠷ ᠬᠤᠭᠤᠴᠠᠭᠠᠨ | ᠤ ᠬᠤᠶᠠᠳᠤᠭᠠᠷ ᠤᠳᠠᠭᠠᠨ ᠤ ᠪᠦᠬᠦᠳᠡ ᠬᠤᠷᠠᠯ ᠤᠨ ᠲᠤᠭᠳᠠᠭᠠᠭᠰᠠᠨ ᠡᠯ᠎ᠡ ᠵᠦᠢᠯ ᠤᠨ ᠡᠭᠦᠷᠭᠡ ᠳᠤ | ᠨᠢᠠᠠᠳᠠᠷᠠᠭᠤᠯᠵᠦ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ ᠲᠤᠪᠤᠶᠢᠯᠭᠠᠵᠦ᠂ ᠵᠦᠪ ᠤᠯᠤᠰ | ᠲᠦᠷᠦ ᠶᠢᠨ ᠴᠢᠭᠯᠡᠯ ᠢ ᠪᠠᠳᠦ ᠡᠵᠡᠮᠳᠡᠨ᠎ᠡ᠃ ᠭᠤᠤᠯ ᠬᠠᠷᠢᠭᠤᠴᠠᠯᠭ᠎ᠠ ᠭᠤᠤᠯ ᠠᠵᠢᠯ ᠢ ᠲᠤᠪᠤᠶᠢᠯᠭᠠᠨ ᠰᠠᠶᠢᠳᠤᠷ | ᠬᠢᠵᠦ᠂ ᠲᠤᠰᠬᠠᠢ ᠵᠦᠪᠯᠡᠬᠦ ᠪᠠᠶᠢᠭᠤᠯᠤᠮᠵᠢ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ᠭᠤᠤᠯ ᠵᠠᠩᠭᠢᠯᠭ᠎ᠠ ᠶᠢ | ᠲᠤᠪᠤᠶᠢᠯᠭᠠᠨ ᠡᠵᠡᠮᠳᠡᠵᠦ᠂ ᠦᠭᠡᠷᠡᠴᠢᠯᠡᠯᠳᠡ ᠬᠦᠭᠵᠢᠯᠳᠡ ᠶᠢᠨ ᠬᠠᠮᠳᠦ ᠶᠢᠨ ᠲᠠᠨᠢᠯᠳᠠ ᠪᠠ ᠬᠦᠴᠦᠨ ᠴᠢᠳᠠᠯ ᠢ | ᠨᠢᠠᠠᠳᠠᠷᠠᠭᠤᠯᠤᠨ᠎ᠠ᠃ ᠲᠤᠰ ᠪᠡᠶ᠎ᠡ ᠶᠢᠨ ᠪᠠᠶᠢᠭᠤᠯᠤᠯᠳᠠ ᠪᠠᠨ ᠲᠤᠪᠤᠶᠢᠯᠭᠠᠨ ᠴᠢᠩᠭᠠᠳᠬᠠᠵᠦ᠂ ᠤᠯᠤᠰ ᠲᠦᠷᠦ ᠶᠢᠨ | ᠵᠦᠪᠯᠡᠯᠭᠡᠨ ᠤ ᠠᠵᠢᠯ ᠤᠨ ᠰᠠᠭᠤᠷᠢ ᠶᠢ ᠤᠯᠠᠮ ᠨᠢᠭᠡ ᠠᠯᠬᠤᠮ ᠪᠠᠳᠤᠳᠬᠠᠨ᠎ᠠ ᠬᠡᠵᠡᠢ᠃ | ᠪᠠᠳᠤᠴᠢᠯᠠᠭᠤ ᠤᠯᠤᠰ ᠲᠦᠷᠦ ᠶᠢᠨ ᠵᠦᠪᠯᠡᠯᠭᠡᠨ ᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ | ᠠᠷᠪᠠᠨ ᠲᠦᠷᠪᠡᠳᠦᠬᠡᠷ ᠬᠤᠭᠤᠴᠠᠭᠠᠨ ᠤ ᠵᠦᠪᠯᠡᠯ ᠤᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠰᠠᠨᠠᠯ | ᠵᠦᠪᠯᠡᠯᠭᠡ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠳᠡ ᠬᠢᠪᠡ᠃ ᠲᠡᠷᠡ ᠬᠡᠯᠡᠬᠦ ᠳᠤ ᠪᠠᠨ᠂ ᠡᠯ᠎ᠡ | ᠦᠨᠳᠦᠰᠦᠳᠡᠨ ᠡᠯ᠎ᠡ ᠡᠳᠡᠭᠡᠳ ᠤᠨ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ᠂ ᠤᠯᠤᠰ ᠲᠦᠷᠦ ᠶᠢᠨ | ᠵᠦᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠳᠠ ᠲᠠᠯᠪᠢᠬᠤ ᠪᠠ ᠵᠠᠰᠠᠭ ᠤᠨ ᠶᠠᠪᠤᠳᠠᠯ ᠳᠤ ᠤᠷᠤᠯᠴᠠᠨ ᠲᠦᠷᠦ ᠶᠢᠨ | ᠶᠠᠪᠤᠳᠠᠯ ᠢ ᠵᠦᠪᠯᠡᠬᠦ ᠡᠭᠦᠷᠭᠡ ᠴᠢᠳᠠᠪᠦᠷᠢ ᠪᠠᠨ ᠨᠠᠷᠢᠨ ᠬᠢᠨᠠᠮᠠᠭᠠᠢ ᠭᠦᠢᠴᠡᠳᠭᠡᠵᠦ᠂ ᠢᠳᠡᠪᠬᠢᠳᠡᠢ ᠪᠠᠷ ᠰᠠᠨᠠᠯ | ᠵᠦᠪᠯᠡᠯᠭᠡ ᠲᠤᠷᠠᠳᠤᠨ ᠠᠷᠭ᠎ᠠ ᠤᠬᠠᠭᠠᠨ ᠭᠠᠷᠭᠠᠪᠠ᠃ ᠲᠦᠷᠪᠡᠨ ᠵᠢᠯ ᠤᠨ ᠲᠤᠷᠰᠢ᠂ ᠬᠡᠰᠢᠭᠦᠳ ᠤᠨ ᠡᠯ᠎ᠡ ᠲᠦᠷᠦᠯ | ᠤᠨ ᠰᠠᠨᠠᠯ ᠵᠦᠪᠯᠡᠯᠭᠡ ᠶᠢ ᠨᠡᠶᠢᠳᠡ368 ᠬᠤᠪᠢ ᠬᠦᠯᠢᠶᠡᠨ ᠠᠪᠴᠦ᠂ ᠬᠢᠨᠠᠨ ᠪᠠᠶᠢᠴᠠᠭᠠᠬᠤ ᠪᠠᠷ | ᠲᠠᠮᠵᠢᠭᠤᠯᠤᠨ324 ᠬᠤᠪᠢ ᠶᠢ ᠨᠢ ᠬᠡᠷᠡᠭ ᠪᠤᠯᠭᠠᠨ ᠲᠠᠩᠰᠠᠯᠠᠵᠦ᠂ ᠬᠡᠷᠡᠭ ᠪᠤᠯᠭᠠᠨ ᠲᠠᠩᠰᠠᠯᠠᠭᠰᠠᠨ ᠨᠤᠷᠮ᠎ᠠ88% | ᠳᠤ ᠬᠦᠷᠴᠦ᠂ ᠠᠭᠤᠯᠭ᠎ᠠ ᠪᠠᠷ ᠠᠳᠠᠯᠢᠪᠳᠤᠷ ᠰᠠᠨᠠᠯ ᠵᠦᠪᠯᠡᠯᠭᠡ ᠶᠢ ᠨᠡᠶᠢᠯᠡᠭᠦᠯᠵᠦ ᠪᠤᠳᠠᠳᠠᠢ ᠪᠠᠷ269 ᠬᠤᠪᠢ ᠶᠢ | ᠬᠡᠷᠡᠭ ᠪᠤᠯᠭᠠᠨ ᠲᠠᠩᠰᠠᠯᠠᠵᠠᠢ᠃ ᠰᠠᠨᠠᠯ ᠵᠦᠪᠯᠡᠯᠭᠡ ᠶᠢ ᠲᠠᠭᠠᠭᠠᠨ ᠠᠪᠴᠦ ᠰᠢᠢᠳᠪᠦᠷᠢᠯᠡᠬᠦ ᠨᠢᠬᠡᠴᠢ ᠨᠦᠭᠦᠳ | ᠬᠠᠷᠢᠭᠤᠴᠠᠯᠭ᠎ᠠ ᠶᠢ ᠱᠠᠳᠦ ᠱᠠᠳᠦ ᠪᠠᠷ ᠪᠤᠳᠠᠳᠠᠶᠢᠵᠢᠭᠤᠯᠵᠦ᠂ ᠰᠠᠨᠠᠯ ᠲᠤᠷᠠᠳᠣᠯᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠨ᠎ᠠ᠃ ᠰᠠᠨᠠᠯ ᠲᠤᠷᠠᠳᠤᠯᠭ᠎ᠠ ᠳᠤ ᠬᠤᠯᠪᠤᠭᠰᠠᠨ ᠠᠰᠠᠭᠤᠳᠠᠯ ᠢ ᠨᠢᠭᠡᠨᠳᠡ ᠰᠢᠢᠳᠪᠦᠷᠢᠯᠡᠭᠰᠡᠨ ᠪᠤᠶᠤ ᠦᠨᠳᠦᠰᠦᠨ | ᠳᠡᠭᠡᠨ ᠰᠢᠢᠳᠪᠦᠷᠢᠯᠡᠭᠰᠡᠨ ᠨᠢ239 ᠬᠤᠪᠢ ᠪᠠᠶᠢᠵᠦ᠂ ᠬᠡᠷᠡᠭ ᠪᠤᠯᠭᠠᠨ ᠲᠠᠩᠰᠠᠯᠠᠭᠰᠠᠨ ᠨᠢ ᠪᠦᠬᠦ ᠲᠤᠭᠠᠨ ᠤ88. | 8% ᠶᠢ ᠡᠵᠡᠯᠡᠪᠡ᠃ ᠤᠳᠤ ᠶᠠᠭ ᠰᠢᠢᠳᠪᠦᠷᠢᠯᠡᠵᠦ ᠪᠠᠶᠢᠭ᠎ᠠ ᠪᠤᠶᠤ ᠲᠦᠯᠦᠪᠯᠡᠭᠡ ᠳᠤ ᠤᠷᠤᠭᠤᠯᠤᠨ ᠠᠯᠬᠤᠮ | ᠠᠯᠬᠤᠮ ᠢᠶᠠᠷ ᠰᠢᠢᠳᠪᠦᠷᠢᠯᠡᠵᠦ ᠪᠠᠶᠢᠭ᠎ᠠ ᠨᠢ23 ᠵᠦᠢᠯ ᠪᠡᠶᠢᠵᠦ᠂8.6% ᠶᠢ ᠡᠵᠡᠯᠡᠵᠦ ᠪᠠᠶᠢᠨ᠎ᠠ᠃ ᠲᠦᠷᠦ ᠶᠢᠨ | ᠪᠤᠳᠤᠯᠭ᠎ᠠ ᠵᠡᠷᠭᠡ ᠪᠤᠰᠤᠳᠴᠢ ᠰᠢᠯᠳᠠᠭᠠᠨ ᠠᠴᠠ ᠪᠤᠯᠵᠦ ᠲᠦᠷ ᠴᠠᠭ ᠰᠢᠢᠳᠪᠦᠷᠢᠯᠡᠬᠦ ᠶᠢᠨ ᠠᠷᠭ᠎ᠠ ᠦᠭᠡᠢ ᠨᠢ7 | ᠵᠦᠢᠯ ᠪᠠᠶᠢᠵᠦ᠂2.6% ᠶᠢ ᠡᠵᠡᠯᠡᠪᠡ᠃ ᠪᠤᠢ ᠪᠦᠬᠦᠢ ᠰᠠᠨᠠᠯ ᠲᠤᠷᠠᠳᠣᠯᠭ᠎ᠠ ᠶᠢ ᠴᠦᠮ ᠰᠢᠢᠳᠪᠦᠷᠢᠯᠡᠨ | ᠬᠠᠷᠢᠭᠤᠯᠳᠠ ᠦᠭᠴᠦ᠂ ᠰᠢᠢᠳᠪᠦᠷᠢᠯᠡᠨ ᠬᠠᠷᠢᠭᠤᠯᠳᠠ ᠦᠭᠭᠦᠭᠰᠡᠨ ᠨᠤᠷᠮ᠎ᠠ ᠨᠢ100% ᠳᠤ ᠬᠦᠷᠴᠠᠢ᠃ ᠬᠡᠷᠡᠭ | ᠪᠤᠯᠭᠠᠨ ᠲᠠᠩᠰᠠᠯᠠᠭᠰᠠᠨ ᠦᠭᠡᠢ44 ᠬᠤᠪᠢ ᠰᠠᠨᠠᠯ ᠲᠤᠷᠠᠳᠣᠯᠭ᠎ᠠ ᠶᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ | ᠪᠠ ᠬᠡᠰᠢᠭᠦᠳ ᠤᠨ ᠢᠷᠡᠭᠦᠯᠦᠭᠰᠡᠨ ᠵᠠᠬᠢᠳᠠᠯ ᠤᠨ ᠬᠤᠪᠢ ᠪᠠᠷ ᠴᠠᠭ ᠲᠤᠬᠠᠢ ᠳᠤᠨᠢ ᠬᠤᠯᠪᠤᠭᠳᠠᠯ ᠪᠦᠬᠦᠢ ᠰᠠᠯᠠᠭ᠎ᠠ | ᠮᠦᠴᠢᠷ ᠲᠤ ᠲᠠᠮᠵᠢᠭᠤᠯᠤᠨ ᠬᠦᠷᠭᠡᠵᠦ ᠠᠵᠢᠯ ᠤᠨ ᠯᠠᠪᠯᠠᠯᠳᠠ ᠪᠠᠯᠭᠠᠪᠠ ᠭᠡᠵᠡᠢ᠃ | | ᠮᠠᠨ ᠤ ᠬᠤᠰᠢᠭᠤᠨ ᠳᠤ ᠪᠠᠶᠢᠭ᠎ᠠ ᠪᠤᠭᠤᠳᠦ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ | ᠵᠢᠴᠢ ᠡᠯ᠎ᠡ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ᠂ ᠬᠤᠰᠢᠭᠤᠨ ᠤ ᠰᠢᠭᠤᠳ | ᠬᠠᠷᠢᠶ᠎ᠠ ᠪᠠᠶᠢᠭᠤᠯᠭ᠎ᠠ ᠨᠢᠬᠡᠴᠡ ᠶᠢᠨ ᠬᠠᠷᠢᠭᠤᠴᠠᠯᠭᠠᠳᠠᠨ ᠪᠠ ᠬᠤᠰᠢᠭᠤᠨ ᠳᠤ ᠰᠠᠭᠤᠭ᠎ᠠ ᠪᠠᠶᠢᠭᠤᠯᠭ᠎ᠠ ᠨᠢᠭᠡᠴᠡ ᠶᠢᠨ | ᠬᠠᠷᠢᠭᠤᠴᠠᠯᠭᠠᠳᠠᠨ ᠵᠢᠴᠢ ᠠᠵᠦ ᠠᠬᠤᠶᠢᠯᠠᠯ ᠤᠨ ᠬᠠᠷᠢᠭᠤᠴᠠᠯᠭᠠᠳᠠᠨ ᠬᠤᠷᠠᠯ ᠳᠤ ᠰᠤᠯᠠ ᠤᠷᠤᠯᠴᠠᠵᠠᠢ᠃ | ᠲᠤᠰ ᠤᠳᠠᠭᠠᠨ ᠤ ᠬᠤᠷᠠᠯ ᠢ ᠬᠠᠷᠠᠭᠠᠨ ᠲᠠᠪᠳᠠᠮᠵᠢ ᠶᠢᠨ ᠬᠡᠯᠪᠡᠷᠢ ᠪᠠᠷ ᠡᠷᠬᠢᠯᠡᠭᠰᠡᠨ ᠪᠠᠶᠢᠨ᠎ᠠ᠃ | | | | | | | |