1 ᠰᠠᠷ᠎ᠠ ᠶᠢᠨ 11 ᠤ ᠦᠳᠡ ᠶᠢᠨ ᠡᠮᠦᠨ᠎ᠡ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠨ ᠴᠠᠩ ᠱᠢ ᠵᠥᠩ ᠴᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ 2022 ᠣᠨ ᠤ ᠠᠩᠬᠠᠳᠤᠭᠠᠷ ᠤᠳᠠᠭᠠᠨ ᠤ ᠪᠥᠬᠦᠳᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ | ᠪᠠᠷᠢᠬᠤ ᠬᠠᠮᠲᠤ ᠶᠢᠨ ᠶᠠᠷᠢᠯᠴᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ᠂ | ᠰᠢᠨ᠎ᠡ ᠭᠠᠷᠤᠭ᠎ᠠ ᠳᠡᠭᠡᠷ᠎ᠡ ᠰᠢᠨ᠎ᠡ ᠳᠦᠷᠰᠦ ᠪᠠᠶᠢᠳᠠᠯ ᠢᠯᠡᠷᠡᠵᠦ᠂ ᠰᠢᠨ᠎ᠡ ᠤᠳᠤᠷᠢᠳᠬᠤ ᠪᠠᠭ ᠰᠢᠨ᠎ᠡ ᠵᠢᠳᠬᠦᠯ | ᠴᠢᠷᠮᠠᠶᠢᠯᠭ᠎ᠠ ᠲᠠᠢ ᠪᠠᠶᠢᠬᠤ ᠬᠡᠷᠡᠭᠲᠡᠶ᠂ ᠬᠤᠰᠢᠭᠤᠨ ᠵᠠᠰᠠᠭ ᠤᠨ ᠣᠷᠳᠣᠨ ᠤ ᠰᠢᠨ᠎ᠡ ᠨᠢᠭᠡ ᠬᠤᠭᠤᠴᠠᠭᠠᠨ ᠤ | ᠤᠳᠤᠷᠢᠳᠬᠤ ᠪᠠᠭ ᠲᠦᠷᠦᠭᠦᠯᠡᠨ ᠬᠡᠪ ᠳᠠᠭᠤᠷᠢᠶᠠᠯ ᠪᠣᠯᠵᠣ᠂ ᠥᠯᠢᠭᠡᠷ ᠳᠠᠭᠤᠷᠢᠶᠠᠯ ᠪᠣᠯᠵᠣ᠂ ᠮᠠᠬᠠᠯᠠᠶ ᠳᠤᠨᠢ | ᠭᠠᠷᠬᠤ ᠪᠠᠷ ᠮᠡᠷᠡᠶᠢᠨ ᠴᠢᠷᠮᠠᠶᠢᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠲᠦᠷᠦᠭᠦᠯᠡᠨ ᠵᠢᠱᠢᠶ᠎ᠡ | ᠦᠵᠡᠭᠦᠯᠬᠦ ᠦᠢᠯᠡᠳᠦᠯ ᠢ ᠬᠦᠢᠴᠡᠳ ᠪᠠᠳᠠᠷᠠᠭᠤᠯᠤᠨ᠂ ᠨᠠᠮ ᠳᠠᠭᠠᠨ ᠣᠰᠣᠯᠳᠠᠬᠤ ᠥᠬᠡᠶ᠂ ᠠᠷᠠᠳ ᠲᠦᠮᠡᠨ ᠳᠡᠭᠡᠨ | ᠣᠰᠣᠯᠳᠠᠬᠤ ᠥᠬᠡᠶ᠂ ᠴᠠᠭ ᠦᠶ᠎ᠡ ᠳᠡᠭᠡᠨ ᠣᠰᠣᠯᠳᠠᠬᠤ ᠥᠬᠡᠶ ᠰᠢᠯᠢᠳᠡᠭ ᠰᠢᠯᠭᠠᠯᠲᠠ ᠶᠢᠨ ᠬᠠᠭᠤᠳᠠᠰᠤ ᠶᠢ | ᠲᠤᠰᠢᠶᠠᠬᠤ ᠪᠠᠷ ᠴᠢᠷᠮᠠᠶᠢᠬᠤ ᠬᠡᠷᠡᠭᠲᠡᠶ᠃ | | ᠱᠢ ᠵᠦᠩ ᠴᠢᠨ᠂ ᠤᠯᠤᠰ ᠲᠦᠷᠦ ᠶᠢ ᠡᠷᠬᠢᠮᠯᠡᠨ ᠶᠣᠰᠣ ᠲᠦᠷᠢᠮ ᠢ ᠰᠠᠬᠢᠵᠤ᠂ ᠦᠵᠡᠯ ᠰᠠᠨᠠᠭ᠎ᠠ ᠤᠯᠤᠰ | ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠲ᠋ᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠵᠤ᠂ ︽ᠬᠤᠶᠠᠷ ᠢ ᠲᠣᠭᠲᠠᠭᠠᠬᠤ︾ | ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠤᠯᠤᠰ ᠲᠦᠷᠦ ᠶᠢᠨ | ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠤᠯᠤᠰ ᠲᠦᠷᠦ ᠶᠢᠨ ᠲᠠᠯ᠎ᠠ ᠶᠢᠨ | ᠮᠡᠷᠭᠡᠨ ᠬᠥᠮᠦᠨ ᠪᠣᠯᠬᠤ ᠬᠡᠷᠡᠭᠲᠡᠢ᠃ ᠰᠤᠷᠤᠯᠴᠠᠬᠤ ᠴᠢᠳᠠᠪᠤᠷᠢ ᠪᠠᠨ ᠴᠢᠩᠭᠠᠳᠬᠠᠬᠤ ᠶᠢ ᠨᠡᠩ ᠢᠯᠡᠭᠦᠦ ᠡᠷᠬᠢᠮᠯᠡᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠴᠢᠬᠤᠯᠠ ᠶᠠᠷᠢᠶᠠᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠬᠦᠰᠡᠯᠡᠩ ᠤᠨ ︽ᠲᠦᠰᠢᠭ ᠲᠤᠯᠭᠠᠭᠤᠷᠢ︾ ᠶᠢ ᠲᠠᠰᠤᠷᠠᠯᠳᠡ ᠦᠭᠡᠢ ᠪᠠᠲᠤᠳᠬᠠᠵᠤ | ᠂ ᠢᠲᠡᠭᠡᠯ ᠪᠢᠰᠢᠷᠡᠯ ᠤᠨ ︽ᠰᠠᠭᠤᠷᠢ ᠴᠢᠯᠠᠭᠤ︾ ᠶᠢ ᠪᠠᠲᠤᠳᠬᠠᠬᠤ ᠬᠡᠷᠡᠭᠲᠡᠢ᠃ᠬᠥᠭᠵᠢᠯᠲᠡ ᠶᠢᠨ ᠶᠠᠰᠤ ᠴᠢᠨᠠᠷ | ᠦᠷ᠎ᠡ ᠠᠰᠢᠭ ᠢ ᠡᠷᠢᠯᠬᠢᠯᠡᠬᠦ ᠶᠢ ᠨᠡᠩ ᠢᠯᠡᠭᠦᠦ ᠡᠷᠬᠢᠮᠯᠡᠵᠦ᠂ ᠬᠥᠭᠵᠢᠯᠲᠡ ᠪᠣᠯ ᠬᠠᠲᠠᠭᠤ ᠶᠣᠰᠣ ᠮᠥᠨ ᠭᠡᠳᠡᠭ ᠢ | ᠭᠤᠶᠢᠪᠢᠰᠢ ᠦᠭᠡᠢ ᠪᠠᠷᠢᠮᠲᠠᠯᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠥᠭᠡᠷᠡᠴᠢᠯᠡᠯᠲᠡ ᠨᠡᠭᠡᠭᠡᠯᠳᠡ᠂ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ︽ᠬᠤᠣᠰ | ᠨᠡᠭᠦᠷᠡᠰᠦᠲᠥ᠋ᠷᠥᠭᠴᠢ︾ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ | ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠶᠢ ᠨᠡᠩ ᠢᠯᠡᠭᠦᠦ ᠡᠷᠬᠢᠮᠯᠡᠵᠦ᠂ | ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠰᠢᠰᠲᠧᠮ ᠢ ᠪᠦᠷᠢᠨᠰᠢᠬᠦᠯᠦᠨ ᠲᠡᠭᠦᠯᠳᠡᠷᠵᠢᠭᠦᠯᠬᠦ ᠶᠢ ᠲᠦᠷᠭᠡᠳᠬᠡᠵᠦ᠂ | ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠢ ᠨᠡᠩ ᠲᠡᠭᠦᠯᠳᠡᠷ ᠪᠣᠯᠭᠠᠵᠤ᠂ ᠵᠣᠯ ᠵᠢᠷᠭᠠᠯ ᠤᠨ ᠲᠦᠷᠦᠭᠳᠡᠯ ᠢ ᠨᠡᠩ | ᠦᠷᠭᠦᠯᠵᠢᠯᠡᠭᠦᠯᠵᠦ᠂ ᠠᠮᠤᠷ ᠲᠦᠪᠰᠢᠨ ᠤ ᠲᠦᠷᠦᠭᠳᠡᠯ ᠢ ᠨᠡᠩ ᠪᠠᠲᠤᠯᠠᠭ᠎ᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ | ᠃ ᠬᠠᠤᠯᠢ ᠪᠠᠷ ᠵᠠᠰᠠᠬᠤ ᠪᠠᠷ ᠲᠣᠭᠲᠠᠭᠤᠨ ᠢ ᠪᠠᠲᠤᠯᠠᠬᠤ ᠶᠢ ᠨᠡᠩ ᠢᠯᠡᠭᠦᠦ ᠡᠷᠬᠢᠮᠯᠡᠵᠦ᠂ ᠬᠠᠤᠯᠢ ᠪᠠᠷ ᠵᠠᠰᠠᠬᠤ ᠶᠢ | ᠤᠯᠠᠮ ᠢᠯᠡᠭᠦᠦ ᠡᠷᠬᠢᠮᠯᠡᠵᠦ᠂ ᠠᠮᠤᠷ ᠠᠮᠤᠭᠤᠯᠠᠩ ᠢ ᠤᠯᠠᠮ ᠢᠯᠡᠭᠦᠦ ᠡᠷᠬᠢᠮᠯᠡᠵᠦ᠂ ᠡᠶ᠎ᠡ ᠵᠣᠬᠢᠴᠠᠩᠭᠤᠢ ᠶᠢ ᠤᠯᠠᠮ | ᠢᠯᠡᠭᠦᠦ ᠡᠷᠬᠢᠮᠯᠡᠵᠦ᠂ ᠪᠣᠯᠪᠠᠰᠤᠨ ᠢ ᠤᠯᠠᠮ ᠢᠯᠡᠭᠦᠦ ᠡᠷᠬᠢᠮᠯᠡᠵᠦ᠂ ᠡᠬᠡ ᠤᠯᠤᠰ ᠤᠨ ᠤᠮᠠᠷᠠᠲᠤ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠤᠯᠤᠰ ᠲᠦᠷᠦ ᠶᠢᠨ ᠡᠭᠦᠷᠭᠡ ᠶᠢ ᠡᠷᠡᠰ ᠡᠭᠦᠷᠭᠡᠯᠡᠬᠦ | ᠬᠡᠷᠡᠭᠲᠡᠢ᠃ ᠶᠡᠭᠡ ᠲᠠᠯ᠎ᠠ ᠪᠠᠷ ᠪᠦᠯᠬᠦᠮᠳᠡᠯ ᠢ ᠠᠬᠢᠭᠤᠯᠬᠤ ᠶᠢ ᠨᠡᠩ ᠢᠯᠡᠭᠦᠦ ᠡᠷᠬᠢᠮᠯᠡᠵᠦ᠂ ᠶᠡᠭᠡ ᠶᠠᠪᠤᠳᠠᠯ ᠳᠤ | ᠵᠠᠷᠴᠢᠮ ᠢ ᠡᠷᠬᠢᠮᠯᠡᠬᠦ᠂ ᠪᠠᠭ᠎ᠠ ᠶᠠᠪᠤᠳᠠᠯ ᠳᠤ ᠬᠡᠪ ᠰᠤᠷᠲᠠᠯ ᠢ ᠡᠷᠬᠢᠮᠯᠡᠬᠦ ᠶᠢ ᠪᠠᠷᠢᠮᠲᠠᠯᠠᠵᠤ᠂ ︽ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠬᠤ︾ ᠠᠵᠢᠯ ᠬᠢᠵᠦ ᠦᠢᠯᠡᠰ ᠪᠤᠰᠬᠠᠬᠤ ᠠᠮᠢᠳᠤᠯᠢᠭ ᠪᠠᠶᠢᠳᠠᠯ ᠢ ᠪᠤᠢ ᠪᠣᠯᠭᠠᠬᠤ ᠶᠢ | ᠳᠠᠶᠢᠴᠢᠯᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠨᠢ ᠬᠤᠪᠢ ᠨᠡᠮᠡᠷᠢ ᠪᠠᠨ ᠠᠳᠠᠯᠢᠳᠬᠠᠬᠤ ᠶᠢ ᠨᠡᠩ ᠢᠯᠡᠭᠦᠦ | ᠡᠷᠬᠢᠮᠯᠡᠵᠦ᠂ ᠠᠵᠢᠯᠯᠠᠪᠠᠯ ᠲᠡᠷᠢᠭᠦᠨ ᠳᠤ ᠣᠷᠣᠬᠤ ᠶᠢ ᠪᠠᠷᠢᠮᠲᠠᠯᠠᠵᠤ᠂ ᠠᠵᠢᠯᠯᠠᠪᠠᠯ ᠲᠤᠭᠴᠢ ᠪᠣᠯᠬᠤ ᠶᠢ ᠪᠠᠷᠢᠮᠲᠠᠯᠠᠵᠤ | ᠂ ᠡᠯ᠎ᠡ ᠵᠦᠢᠯ ᠤᠨ ᠠᠵᠢᠯ ᠳᠤ ᠴᠥᠮ ᠬᠥᠮᠦᠨ ᠠᠴᠠ ᠨᠢᠭᠡ ᠠᠯᠬᠤᠮ ᠤᠷᠢᠲᠠᠵᠤ᠂ ᠬᠥᠮᠦᠨ ᠠᠴᠠ ᠨᠢᠭᠡ ᠠᠯᠬᠤᠮ | ᠢᠯᠠᠵᠤ᠂ ᠡᠮᠦᠨ᠎ᠡ ᠡᠩᠨᠡᠭᠡᠨ ᠳᠤ ᠶᠠᠪᠤᠬᠤ ᠪᠠᠷ ᠴᠢᠷᠮᠠᠶᠢᠬᠤ ᠬᠡᠷᠡᠭᠲᠡᠢ᠃ ᠠᠷᠢᠭᠤᠨ ᠴᠢᠬᠡᠴᠢ ᠪᠠᠷ ᠲᠦᠷᠢ | ᠲᠥᠷᠬᠦ ᠶᠢ ᠪᠤᠢ ᠪᠣᠯᠭᠠᠬᠤ ᠶᠢ ᠨᠡᠩ ᠢᠯᠡᠭᠦᠦ ᠡᠷᠬᠢᠮᠯᠡᠵᠦ᠂ ᠢᠲᠡᠭᠡᠯ ᠪᠢᠰᠢᠷᠡᠯ ᠤᠨ ᠰᠡᠷᠭᠡᠶᠢᠯᠡᠯᠲᠡ ᠶᠢᠨ ᠱᠤᠭᠤᠮ᠂ | ᠶᠣᠰᠣ ᠰᠤᠷᠲᠠᠬᠤᠨ ᠤ ᠰᠡᠷᠭᠡᠶᠢᠯᠡᠯᠲᠡ ᠶᠢᠨ ᠱᠤᠭᠤᠮ᠂ ᠬᠠᠤᠯᠢ ᠴᠠᠭᠠᠵᠠ ᠰᠠᠬᠢᠯᠭ᠎ᠠ ᠪᠠᠲᠤ ᠶᠢᠨ ᠰᠡᠷᠭᠡᠶᠢᠯᠡᠯᠲᠡ ᠶᠢᠨ | ᠱᠤᠭᠤᠮ ᠢ ᠪᠠᠲᠤ ᠰᠠᠬᠢᠵᠤ᠂ ᠰᠤᠷᠲᠠᠯ ᠴᠢᠬᠡᠴᠢ ᠣᠪᠣᠷ ᠲᠥᠪ᠂ ᠭᠡᠭᠡᠨ ᠰᠠᠷᠠᠭᠤᠯ ᠤᠯᠤᠰ ᠲᠦᠷᠦ ᠶᠢᠨ ᠠᠮᠢ | ᠠᠬᠤᠢ ᠶᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ ᠪᠣᠳᠠᠲᠤ ᠦᠷ᠎ᠡ ᠪᠦᠲᠦᠮᠵᠢ ᠶᠢ ᠨᠡᠩ ᠢᠯᠡᠭᠦᠦ ᠡᠷᠬᠢᠮᠯᠡᠨ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠥᠭᠵᠢᠯᠲᠡ ᠶᠢᠨ ᠬᠠᠷᠠᠯᠲᠠ ᠶᠢ ᠭᠤᠶᠢᠪᠢᠰᠢ ᠦᠭᠡᠢ ᠪᠠᠷ ᠵᠣᠭᠰᠣᠭᠠᠵᠤ᠂ ︽ᠬᠠᠳᠠᠭᠠᠰᠤ ᠬᠠᠳᠠᠬᠤ︾ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠨ᠂ ᠥᠭᠡᠷᠡᠴᠢᠯᠡᠯᠲᠡ ᠶᠢᠨ ᠪᠡᠷᠬᠡ | ᠰᠡᠳᠦᠪ ᠢ ᠰᠢᠢᠳᠪᠦᠷᠢᠯᠡᠵᠦ᠂ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃ | ᠬᠤᠰᠢᠭᠤᠨ ᠤ ᠤᠳᠤᠷᠢᠳᠤᠯᠭ᠎ᠠ ᠬᠤᠸᠠᠩ ᠯᠦᠩ᠂ ᠵᠠᠩ ᠪᠠᠭᠠᠨ᠎ᠠ᠂ ᠮᠥᠩᠬᠡᠪᠠᠭᠠᠲᠤᠷ᠂ ᠯᠢ ᠵᠢᠶᠧ᠂ | ᠳ᠋ᠦᠩ ᠺᠠᠶ᠂ ᠯᠢ ᠪᠦᠦ ᠴᠦᠨ ᠬᠤᠷᠠᠯ ᠳᠤ ᠣᠷᠣᠯᠴᠠᠵᠠᠶ᠃ ᠬᠤᠰᠢᠭᠤᠨ ᠵᠠᠰᠠᠭ ᠤᠨ ᠣᠷᠳᠣᠨ ᠤ ᠪᠦᠷᠢᠯᠳᠦᠬᠦᠨ | ᠰᠠᠯᠠᠭ᠎ᠠ ᠮᠥᠴᠢᠷ ᠵᠢᠴᠢ ᠰᠢᠭᠤᠳ ᠬᠠᠷᠢᠶ᠎ᠠ ᠠᠵᠢᠯ ᠦᠶ᠋ᠯᠡᠰ ᠤᠨ ᠨᠢᠭᠡᠴᠡ᠂ ᠡᠯ᠎ᠡ ᠰᠤᠮᠤ ᠰᠢᠶᠠᠩ ᠪᠠᠯᠭᠠᠰᠤᠨ ᠤ | ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ |