| | 1 ᠰᠠᠷ᠎ᠠ ᠶᠢᠨ9 ᠤ ᠦᠳᠡ ᠶᠢᠨ ᠬᠤᠶᠢᠨ᠎ᠠ᠂ ᠤᠯᠤᠰ ᠲᠦᠷᠦ ᠶᠢᠨ ᠵᠦᠪᠯᠡᠯᠭᠡᠨ ᠤ ᠲᠠᠷᠬᠠᠨ ᠮᠤᠤᠮᠢᠩᠭᠠᠨ | ᠬᠤᠯᠪᠤᠭᠠᠳᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠵᠦᠪᠯᠡᠯ ᠤᠨ ᠨᠢᠭᠡᠳᠦᠭᠡᠷ ᠤᠳᠠᠭᠠᠨ ᠤ | ᠬᠤᠷᠠᠯᠳᠤᠭᠠᠨ ᠡᠯ᠎ᠡ ᠲᠦᠷᠦᠯ ᠵᠦᠢᠯ ᠢᠶᠠᠨ ᠠᠮᠵᠢᠯᠳᠠ ᠲᠠᠢ ᠪᠡᠶᠡᠯᠡᠭᠦᠯᠵᠦ ᠠᠮᠵᠢᠯᠳᠠ ᠲᠠᠢ ᠪᠠᠷ ᠬᠤᠷᠠᠯᠳᠤᠵᠦ | ᠲᠡᠭᠦᠰᠦᠭᠰᠡᠨ ᠪᠠᠶᠢᠨ᠎ᠠ᠃ | ᠦᠳᠡ ᠶᠢᠨ ᠬᠤᠶᠢᠨ᠎ᠠ ᠶᠢᠨ15 ᠴᠠᠭ 40 ᠮᠢᠨᠦ᠋ᠲ ᠲᠤ ᠣᠯᠣᠰ ᠲᠦᠷᠦ ᠶᠢᠨ ᠵᠦᠪᠯᠡᠯᠭᠡᠨ ᠤ ᠲᠠᠷᠬᠠᠨ | ᠮᠤᠮᠢᠩᠭᠠᠨ ᠬᠤᠯᠪᠤᠭᠠᠳᠦ ᠬᠤᠰᠢᠭᠤᠨ ᠤ ᠠᠷᠪᠠᠨ ᠲᠠᠪᠤᠳᠤᠭᠠᠷ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ | ᠤ ᠵᠦᠪᠯᠡᠯ ᠤᠨ ᠨᠢᠬᠡᠳᠦᠭᠡᠷ ᠤᠳᠠᠭᠠᠨ ᠤ ᠬᠤᠷᠠᠯᠳᠤᠭᠠᠨ ᠤ ᠭᠤᠷᠪᠠᠳᠤᠭᠠᠷ ᠪᠦᠬᠦᠳᠡ ᠬᠤᠷᠠᠯ ᠬᠤᠷᠠᠯᠳᠤᠵᠦ᠂ | ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ ᠯᠢ ᠶᠦᠩ | ᠰᠢᠨ ᠬᠤᠷᠠᠯ ᠡᠷᠬᠢᠯᠡᠪᠡ᠃ | ᠬᠤᠷᠠᠯ ᠠᠴᠠ᠂ ︽ᠣᠯᠣᠰ ᠲᠦᠷᠦ ᠶᠢᠨ ᠵᠦᠪᠯᠡᠯᠭᠡᠨ ᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ | ᠠᠷᠪᠠᠨ ᠲᠠᠪᠤᠳᠤᠭᠠᠷ ᠬᠤᠭᠤᠴᠠᠭᠠᠨ ᠤ ᠵᠦᠪᠯᠡᠯ ᠤᠨ ᠨᠢᠭᠡᠳᠦᠭᠡᠷ ᠤᠳᠠᠭᠠᠨ ᠤ ᠬᠤᠷᠠᠯᠳᠤᠭᠠᠨ ᠤ ᠰᠤᠩᠭᠤᠭᠠᠯᠢ ᠶᠢᠨ | ᠠᠷᠭ᠎ᠠ ︵ᠲᠦᠰᠦᠯ︶︾᠂ ︽ᠤᠯᠤᠰ ᠲᠦᠷᠦ ᠶᠢᠨ ᠵᠦᠪᠯᠡᠯᠭᠡᠨ ᠤ ᠲᠠᠷᠬᠠᠨ ᠮᠤᠤᠮᠢᠩᠭᠠᠨ ᠬᠤᠯᠪᠤᠭᠠᠳᠦ | ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠵᠦᠪᠯᠡᠯ ᠤᠨ ᠨᠢᠭᠡᠳᠦᠭᠡᠷ ᠤᠳᠠᠭᠠᠨ ᠤ ᠶᠡᠷᠦᠩᠭᠡᠢ ᠪᠢᠯᠧᠲ | ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ︵ᠲᠦᠰᠦᠯ︶︾ ᠢ ᠬᠢᠨᠠᠨ ᠵᠦᠪᠯᠡᠵᠦ ᠪᠠᠳᠤᠯᠠᠪᠠ᠃ | | ᠠᠵᠢᠯ ᠤᠨ ᠬᠡᠷᠡᠭᠴᠡᠭᠡ ᠪᠠ ᠲᠤᠰᠢᠶᠠᠯ ᠤᠨ ᠬᠤᠭᠤᠴᠠᠭ᠎ᠠ ᠵᠡᠷᠭᠡ ᠰᠢᠯᠳᠠᠭᠠᠨ ᠠᠴᠠ ᠪᠤᠯᠵᠦ᠂ ᠰᠤᠳᠦ᠂ | ᠰᠠᠷᠠᠩᠭᠤᠸ᠎ᠠ᠂ ᠯᠢ ᠸᠧᠢ᠂ ᠪᠠᠳᠤᠴᠢᠯᠠᠭᠤ ᠵᠡᠷᠭᠡ ᠲᠦᠷᠪᠡᠨ ᠨᠦᠬᠦᠷ ᠵᠢᠴᠢ ᠬᠡᠰᠡᠭ ᠠᠷᠪᠠᠨ ᠲᠦᠷᠪᠡᠳᠦᠭᠡᠷ | ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠡᠰᠢᠭᠦᠨ ᠪᠠ ᠬᠡᠰᠢᠬᠦᠨ ᠰᠢᠨ᠎ᠡ ᠨᠢᠭᠡᠨ | ᠬᠤᠭᠤᠴᠠᠭᠠᠨ ᠤ ᠣᠯᠤᠰ ᠲᠦᠷᠦ ᠶᠢᠨ ᠵᠦᠪᠯᠡᠯᠭᠡᠨ ᠤ ᠤᠳᠤᠷᠢᠳᠤᠯᠭ᠎ᠠ ᠪᠠ ᠬᠡᠰᠢᠬᠦᠨ ᠤ ᠲᠤᠰᠢᠶᠠᠯ ᠢ ᠡᠭᠦᠷᠭᠡᠯᠡᠬᠦ | ᠪᠠᠨ ᠪᠤᠯᠢᠪᠠ᠃ | ᠶᠡᠭᠡ ᠬᠤᠷᠠᠯ ᠤᠨ ᠰᠤᠩᠭᠠᠭᠤᠯᠢ ᠪᠠᠷ ᠲᠠᠮᠵᠢᠨ᠂ ᠯᠢ ᠶᠦᠩ ᠰᠢᠨ ᠤᠯᠤᠰ ᠲᠦᠷᠦ ᠶᠢᠨ ᠵᠦᠪᠯᠡᠯᠭᠡᠨ ᠤ | ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠤᠨ ᠤ ᠠᠷᠪᠠᠨ ᠲᠠᠪᠤᠳᠤᠭᠠᠷ ᠬᠤᠭᠤᠴᠠᠭᠠᠨ ᠤ ᠵᠦᠪᠯᠡᠯ ᠤᠨ | ᠲᠡᠷᠢᠭᠦᠯᠡᠭᠴᠢ ᠪᠠᠷ ᠰᠤᠩᠭᠤᠭᠳᠠᠵᠦ᠂ ᠡᠥ ᠼᠦᠨ ᠪᠤᠤ᠂ ᠰᠦᠨ ᠪᠢᠨ᠂ ᠸᠠᠩ ᡁᠢ ᠶᠦᠩ ᠣᠯᠣᠰ ᠲᠦᠷᠦ ᠶᠢᠨ | ᠵᠦᠪᠯᠡᠯᠭᠡᠨ ᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠵᠦᠪᠯᠡᠯ | ᠤᠨ ᠲᠡᠳ᠋ ᠲᠡᠷᠢᠭᠦᠯᠡᠭᠴᠢ ᠪᠠᠷ ᠰᠤᠩᠭᠤᠭᠳᠠᠨ᠂ ᠮᠠ ᠶᠤᠸᠠᠢ᠂ ᠸᠠᠩ ᠵᠢᠶᠦ᠋ᠨ᠂ ᠸᠠᠩ ᠶᠠ ᠨᠠᠨ᠂ ᠡᠥ ᠬᠤᠩ ᠪᠢᠨ᠂ | ᠯᠢ ᠾᠧ ᠢ᠂ ᠵᠠᠩ ᠶᠢᠨ ᠬᠦᠸᠧ᠂ ᠵᠠᠩ ᠬᠠᠢ ᠴᠢᠩ᠂ ᠹᠠᠨ ᠰᠢᠦ ᠫᠢᠩ᠂ ᠬᠤ᠋ ᠰᠢᠶᠤᠤ ᠹᠧᠩ᠂ ᠴᠠᠭᠠᠨᠯᠢᠩᠬᠤᠸᠠ᠂ | ᠳ᠋ᠤᠸᠠᠨ ᠵᠢᠶᠦᠩ᠂ ᠨᠠᠷᠠᠨᠴᠢᠮᠡᠩ᠂ ᠰᠢᠦᠢ ᠯᠠᠨ᠂ ᠭᠤᠤ ᠹᠧᠩ᠂ ᠭᠦᠸᠧ ᠢᠦᠢ᠂ ᠼᠤᠤ ᠵᠧᠩ᠂ ᠴᠠᠩ ᡁᠢ ᠶᠢᠩ᠂ | ᠳ᠋ᠦᠩ ᡁᠢ ᠷᠧᠨ᠂ ᠬᠠᠨ ᠷᠦᠢ᠂ ᠸᠧᠨ ᠬᠤᠩ ᠰᠢᠶᠠ ᠵᠡᠷᠭᠡ25 ᠨᠡᠷᠡᠰ ᠣᠯᠤᠰ ᠲᠦᠷᠦ ᠶᠢᠨ ᠵᠦᠪᠯᠡᠯᠭᠡᠨ ᠤ | ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠵᠦᠪᠯᠡᠯ ᠤᠨ ᠪᠠᠶᠢᠩᠭᠤ | ᠶᠢᠨ ᠬᠡᠰᠢᠬᠦᠨ ᠢᠶᠠᠷ ᠰᠤᠩᠭᠤᠭᠳᠠᠭᠰᠠᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠱᠦᠵᠢ ᠵᠢᠶᠠ ᠪᠤᠤ ᠯᠢᠶᠠᠩ᠂ ᠬᠤᠰᠢᠭᠤ ᠨᠠᠮ ᠤᠨ ᠬᠤᠷᠢᠶᠠᠨ ᠤ ᠲᠡᠳ᠋ | ᠱᠦᠵᠢ᠂ ᠣᠷᠣᠯᠠᠭᠴᠢ ᠬᠤᠰᠢᠭᠤ ᠲᠠᠷᠤᠭ᠎ᠠ ᠱᠢ ᠵᠦᠩ ᠴᠢᠨ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠦᠩ ᠬᠤᠸᠠ᠂ ᠬᠤᠰᠢᠭᠤᠨ ᠤ ᠠᠷᠪᠠᠨ ᠲᠦᠷᠪᠡᠳᠦᠭᠡᠷ | ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠰᠤᠳᠤ ᠵᠢᠴᠢ ᠬᠤᠰᠢᠭᠤᠨ ᠳᠤ ᠰᠠᠭᠤᠭ᠎ᠠ | ᠲᠡᠳ᠋ ᠰᠢᠶᠠᠨ ᠤ ᠲᠡᠰ ᠠᠴᠠ ᠲᠡᠭᠡᠭᠰᠢᠬᠢ ᠤᠳᠤᠷᠢᠳᠤᠯᠭ᠎ᠠ ᠤᠷᠢᠯᠭ᠎ᠠ ᠪᠠᠷ ᠬᠤᠷᠠᠯ ᠳᠤ ᠤᠷᠤᠯᠴᠠᠭᠰᠠᠨ ᠪᠠᠶᠢᠨ᠎ᠠ᠃ | ᠸᠠᠩ ᡁᠢ ᠶᠦᠩ ᠬᠤᠷᠠᠯ ᠢ ᠡᠷᠬᠢᠯᠡᠵᠦ᠂ ᠶᠡᠭᠡ ᠬᠤᠷᠠᠯ ᠳᠤ150 ᠭᠡᠰᠢᠭᠦᠨ ᠤᠷᠤᠯᠴᠠᠬᠤ ᠶᠤᠰᠤᠳᠠᠢ᠂ | ᠪᠤᠳᠠᠳᠠᠢ145 ᠬᠡᠰᠢᠬᠦᠨ ᠤᠷᠤᠯᠴᠠᠵᠦ᠂ ᠲᠤᠭᠳᠠᠭᠠᠯ ᠳᠤ ᠨᠡᠶᠢᠴᠡᠭᠰᠡᠨ ᠪᠠᠶᠢᠨ᠎ᠠ᠃ | ᠬᠤᠷᠠᠯ ᠠᠴᠠ᠂ ︽ᠤᠯᠤᠰ ᠲᠦᠷᠦ ᠶᠢᠨ ᠵᠦᠪᠯᠡᠯᠭᠡᠨ ᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ | ᠤᠯᠤᠰ ᠲᠦᠷᠦ ᠶᠢᠨ ᠵᠦᠪᠯᠡᠯᠭᠡᠨ ᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠪᠠᠨ ᠲᠦᠷᠪᠡᠳᠦᠭᠡᠷ | ᠬᠤᠭᠤᠴᠠᠭᠠᠨ ᠤ ᠵᠦᠪᠯᠡᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠢᠯᠡᠳᠭᠡᠯ ᠤᠨ ᠲᠤᠬᠠᠢ ᠰᠢᠢᠳᠪᠦᠷᠢ ︵ | ᠲᠦᠰᠦᠯ︶ ︽ᠣᠯᠣᠰ ᠲᠦᠷᠦ ᠶᠢᠨ ᠵᠦᠪᠯᠡᠯᠭᠡᠨ ᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠪᠠᠨ | ᠲᠠᠪᠤᠳᠤᠭᠠᠷ ᠬᠤᠭᠤᠴᠠᠭᠠᠨ ᠤ ᠵᠦᠪᠯᠡᠯ ᠤᠨ ᠨᠢᠭᠡᠳᠦᠭᠡᠷ ᠤᠳᠠᠭᠠᠨ ᠤ ᠠᠷᠪᠠᠨ ᠲᠦᠷᠪᠡᠳᠦᠭᠡᠷ ᠬᠤᠭᠤᠴᠠᠭᠠᠨ ᠤ | ᠬᠤᠷᠢᠶ᠎ᠠ ᠶᠢᠨ ᠰᠠᠨᠠᠯ ᠲᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠳᠡ ᠶᠢᠨ ᠲᠤᠬᠠᠢ ᠰᠢᠢᠳᠪᠦᠷᠢ ︵ | ᠲᠦᠰᠦᠯ︶ ︽ᠣᠯᠣᠰ ᠲᠦᠷᠦ ᠶᠢᠨ ᠵᠦᠪᠯᠡᠯᠭᠡᠨ ᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠪᠠᠨ | ᠲᠠᠪᠤᠳᠤᠭᠠᠷ ᠬᠤᠭᠤᠴᠠᠭᠠᠨ ᠤ ᠵᠦᠪᠯᠡᠯ ᠤᠨ ᠨᠢᠭᠡᠳᠦᠭᠡᠷ ᠤᠳᠠᠭᠠᠨ ᠤ ᠬᠤᠷᠠᠯᠳᠤᠭᠠᠨ ᠤ ᠰᠠᠨᠠᠯ ᠲᠤᠷᠠᠳᠤᠯᠭ᠎ᠠ ᠶᠢ | ᠬᠢᠨᠠᠨ ᠪᠠᠶᠢᠴᠠᠭᠠᠭᠰᠠᠨ ᠪᠠᠶᠢᠳᠠᠯ ᠤᠨ ᠮᠡᠳᠡᠭᠦᠯᠦᠯᠳᠡ ︵ᠲᠦᠰᠦᠯ︶︾ ᠶᠢ ᠬᠢᠨᠠᠨ ᠵᠦᠪᠰᠢᠶᠡᠷᠦᠭᠰᠡᠨ ᠪᠠᠶᠢᠨ᠎ᠠ᠃ | | ᠯᠢ ᠶᠦᠩ ᠰᠢᠨ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ | ᠤ ᠡᠭᠦᠷᠬᠡ ᠬᠠᠷᠢᠭᠤᠴᠠᠯᠭ᠎ᠠ ᠪᠠᠨ ᠬᠦᠢᠴᠡᠳᠭᠡᠬᠦ ᠲᠠᠪᠤᠨ ᠵᠢᠯ ᠪᠤᠯ ᠨᠡᠶᠢᠭᠡᠮ ᠵᠢᠷᠤᠮ ᠤᠨ ᠤᠳᠤᠬᠢᠴᠢᠯᠠᠭᠰᠠᠨ | ᠬᠦᠴᠦᠷᠬᠡᠭ ᠤᠯᠤᠰ ᠢ ᠪᠦᠬᠦ ᠲᠠᠯ᠎ᠠ ᠪᠠᠷ ᠪᠠᠶᠢᠭᠤᠯᠬᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠠ ᠵᠦᠭ | ᠤᠷᠤᠭᠰᠢᠯᠠᠬᠤ ᠨᠢᠭᠡᠳᠦᠭᠡᠷ ᠲᠠᠪᠤᠨ ᠵᠢᠯ ᠪᠤᠯᠤᠨ᠎ᠠ᠂ ︽ᠠᠷᠪᠠᠨ ᠲᠦᠷᠪᠡᠳᠦᠭᠡᠷ ᠲᠠᠪᠤᠨ ᠵᠢᠯ︾ ᠤᠨ | ᠲᠦᠯᠦᠪᠵᠢᠭᠦᠯᠭᠡ ᠶᠢ ᠬᠡᠷᠡᠭᠵᠢᠭᠦᠯᠬᠦ ᠴᠢᠬᠤᠯᠠ ᠴᠠᠭ ᠬᠤᠭᠤᠴᠠᠭ᠎ᠠ ᠪᠤᠯᠤᠨ᠎ᠠ᠂ ᠮᠦᠨᠴᠦ ᠲᠠᠷᠬᠠᠨ ᠮᠤᠤᠮᠢᠩᠭᠠᠨ | ᠬᠤᠯᠪᠤᠭᠠᠳᠦ ᠬᠤᠰᠢᠭᠤᠨ ᠤ ᠴᠢᠨᠠᠷ ᠰᠠᠶᠢᠳᠠᠢ ᠬᠦᠭᠵᠢᠯᠳᠡ ᠶᠢ ᠲᠦᠷᠭᠡᠳᠭᠡᠬᠦ ᠵᠠᠩᠭᠢᠯᠭ᠎ᠠ ᠶᠢᠨ ᠲᠠᠪᠤᠨ ᠵᠢᠯ | ᠪᠤᠯᠤᠨ᠎ᠠ᠃ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠪᠠ ᠦᠷᠭᠡᠨ ᠤᠯᠠᠨ ᠤᠯᠤᠰ ᠲᠦᠷᠦ ᠶᠢᠨ | ᠵᠦᠪᠯᠡᠯᠭᠡᠨ ᠤ ᠬᠡᠰᠢᠬᠦᠨ ᠬᠤᠰᠢᠭᠤ ᠨᠠᠮ ᠤᠨ ᠬᠤᠷᠢᠶᠠᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ | ᠡᠷᠡᠰ ᠲᠤᠭᠤᠰᠢᠯᠠᠭᠤᠯᠵᠦ᠂ ᠰᠢᠨ᠎ᠡ ᠬᠦᠭᠵᠢᠯᠳᠡ ᠶᠢᠨ ᠪᠠᠶᠢᠷᠢᠰᠢᠯ ᠳᠤ ᠠᠭᠤᠰᠤᠯᠴᠠᠨ᠂ ᠤᠯᠤᠰ ᠲᠦᠷᠦ ᠶᠢᠨ | ᠵᠦᠪᠯᠡᠯᠭᠡᠨ ᠤ ᠲᠤᠰᠬᠠᠢ ᠵᠦᠪᠯᠡᠬᠦ ᠪᠠᠶᠢᠭᠤᠯᠤᠮᠵᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠦ᠂ ᠲᠠᠷᠬᠠᠨ | ᠮᠤᠤᠮᠢᠩᠭᠠᠨ ᠤ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ ᠬᠦᠮᠦᠰ ᠤᠨ ᠰᠡᠳᠬᠢᠯ ᠪᠠ ᠬᠠᠮᠳᠦ ᠶᠢᠨ | ᠲᠠᠨᠢᠯᠳᠠ ᠶᠢ ᠨᠢᠠᠠᠳᠠᠷᠠᠭᠤᠯᠵᠦ᠂ ᠤᠶᠤᠨ ᠤᠬᠠᠭᠠᠨ ᠪᠠ ᠬᠦᠴᠦᠨ ᠴᠢᠳᠠᠯ ᠢ ᠬᠤᠷᠠᠮᠳᠤᠭᠤᠯᠦᠨ᠂ ᠰᠢᠨ᠎ᠡ ᠠᠶᠠᠨ | ᠵᠠᠮ ᠳᠤ ᠤᠯᠤᠰ ᠲᠦᠷᠦ ᠶᠢᠨ ᠵᠦᠪᠯᠡᠯᠭᠡᠨ ᠤ ᠰᠢᠨ᠎ᠡ ᠵᠢᠳᠬᠦᠯ ᠴᠢᠷᠮᠠᠶᠢᠯᠭ᠎ᠠ ᠶᠢ ᠪᠡᠶᠡᠯᠡᠬᠦᠯᠬᠦ ᠪᠠᠷ ᠴᠢᠷᠮᠠᠶᠢᠬᠤ | ᠬᠡᠷᠡᠭᠳᠡᠢ᠃ ᠰᠢᠨ᠎ᠡ ᠦᠵᠡᠯ ᠰᠠᠨᠠᠭ᠎ᠠ ᠪᠠᠷ ᠰᠢᠨ᠎ᠡ ᠠᠶᠠᠨ ᠵᠠᠮ ᠢ ᠵᠠᠮᠴᠢᠯᠠᠵᠦ᠂ ᠬᠤᠰᠢᠭᠤᠨ ᠤ ᠤᠯᠤᠰ ᠲᠦᠷᠦ ᠶᠢᠨ | ᠵᠦᠪᠯᠡᠯᠭᠡᠨ ᠤ ᠦᠢᠯᠡᠰ ᠤᠨ ᠵᠦᠪ ᠤᠨᠤᠪᠴᠢᠳᠠᠢ᠂ ᠯᠠᠪᠳᠠᠭᠤᠨ ᠢᠶᠠᠷ ᠠᠯᠤᠰ ᠢ ᠵᠤᠷᠢᠨ ᠤᠷᠤᠭᠰᠢᠯᠠᠬᠤ ᠶᠢ | ᠪᠠᠳᠤᠯᠠᠨ᠎ᠠ᠃ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠬᠤ ᠶᠢ ᠢᠮᠠᠭᠳᠠ ᠦᠨᠳᠦᠰᠦᠨ ᠤᠯᠤᠰ | ᠲᠦᠷᠦ ᠶᠢᠨ ᠵᠠᠷᠴᠢᠮ ᠪᠠ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠤᠯᠭᠠᠵᠦ᠂ ᠨᠠᠮ ᠤᠨ ᠤᠨᠤᠯ | ᠤᠨ ᠰᠢᠨ᠎ᠡ ᠶᠢ ᠡᠭᠦᠳᠬᠦ ᠵᠡᠪᠰᠡᠭᠯᠡᠯ ᠢ ᠲᠠᠰᠤᠷᠠᠯᠳᠠ ᠦᠭᠡᠢ ᠴᠢᠩᠭᠠᠳᠬᠠᠵᠦ᠂ ᠠᠷᠠᠳ ᠤᠨ ᠤᠯᠤᠰ ᠲᠦᠷᠦ ᠶᠢᠨ | ᠵᠦᠪᠯᠡᠯᠭᠡᠨ ᠤ ᠨᠢᠭᠡᠳᠦᠮᠡᠯ ᠹᠷᠤᠨᠲ ᠤᠨ ᠵᠤᠬᠢᠶᠠᠨ ᠪᠠᠶᠢᠭᠤᠯᠤᠯᠳᠠ ᠪᠤᠯᠬᠤ ᠲᠠᠪᠠᠭᠤᠯᠢᠭ ᠦᠢᠯᠡᠳᠦᠯ ᠢ ᠬᠦᠢᠴᠡᠳ | ᠪᠠᠳᠠᠷᠠᠭᠤᠯᠵᠦ᠂ ᠨᠠᠮ ᠤᠨ ᠵᠤᠷᠢᠯᠳᠠ ᠶᠢ ᠠᠷᠠᠳᠴᠢᠯᠠᠯ ᠤᠨ ᠬᠡᠯᠪᠡᠷᠢ ᠪᠠᠷ ᠲᠠᠮᠵᠢᠭᠤᠯᠤᠨ ᠨᠡᠶᠢᠭᠡᠮ ᠤᠨ ᠡᠯ᠎ᠡ | ᠡᠳᠡᠭᠡᠳ ᠤᠨ ᠠᠵᠢᠯᠯᠠᠭᠠᠨ ᠤ ᠤᠬᠠᠮᠰᠠᠷ ᠪᠤᠯᠭᠠᠨ ᠬᠤᠪᠢᠷᠠᠭᠤᠯᠬᠤ ᠶᠢ ᠦᠨᠡᠨ ᠬᠦ ᠪᠠᠳᠤᠯᠠᠨ᠎ᠠ᠃ ᠦᠵᠡᠯ ᠰᠠᠨᠠᠭᠠᠨ | ᠤ ᠶᠡᠭᠡ ᠴᠢᠯᠦᠭᠡᠯᠡᠯᠳᠡ ᠪᠠᠷ ᠰᠢᠨ᠎ᠡ ᠠᠶᠠᠨ ᠳᠤ ᠦᠢᠯᠡᠴᠢᠯᠡᠵᠦ᠂ ᠲᠤᠰᠬᠠᠢ ᠵᠦᠪᠯᠡᠯᠭᠡᠨ ᠤ ᠪᠠᠶᠢᠭᠤᠯᠤᠮᠵᠢ ᠶᠢᠨ | ᠪᠠᠶᠢᠭᠤᠯᠤᠯᠳᠠ ᠶᠢᠨ ᠡᠷᠴᠢᠮᠳᠡᠢ ᠡᠮᠬᠢ ᠵᠢᠷᠤᠮ ᠲᠠᠢ᠂ ᠦᠷ᠎ᠡ ᠪᠦᠳᠦᠮᠵᠢ ᠰᠠᠶᠢᠳᠡᠢ ᠪᠠᠶᠢᠬᠤ ᠶᠢ ᠠᠬᠢᠭᠤᠯᠬᠤ | ᠬᠡᠷᠡᠭᠳᠡᠢ᠂ ᠦᠵᠡᠯ ᠰᠠᠨᠠᠭ᠎ᠠ ᠪᠠᠨ ᠴᠢᠯᠦᠭᠡᠯᠡᠵᠦ᠂ ᠡᠭᠦᠷᠭᠡ ᠬᠠᠷᠢᠭᠤᠴᠠᠯᠭ᠎ᠠ ᠲᠠᠢ ᠠᠵᠢᠯᠯᠠᠵᠦ᠂ ᠬᠦᠭᠵᠢᠯᠳᠡ ᠶᠢ | ᠲᠠᠭᠠᠬᠤ᠂ ᠬᠦᠭᠵᠢᠯᠳᠡ ᠳᠤ ᠤᠷᠤᠯᠴᠠᠬᠤ᠂ ᠬᠦᠭᠵᠢᠯᠳᠡ ᠳᠤ ᠦᠢᠯᠯᠡᠴᠢᠯᠡᠬᠦ ᠪᠠᠷ ᠡᠭᠦᠷᠭᠡ ᠬᠠᠷᠢᠭᠤᠴᠠᠯᠭ᠎ᠠ ᠪᠠᠨ | ᠬᠦᠢᠴᠡᠳᠭᠡᠬᠦ ᠭᠤᠤᠯ ᠱᠤᠭᠤᠮ ᠪᠤᠯᠭᠠᠵᠦ᠂ ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ | ᠬᠡᠷᠡᠭᠵᠢᠭᠦᠯᠦᠯᠳᠡ ᠳᠤ ᠦᠢᠯᠡᠴᠢᠯᠡᠬᠦ ᠪᠠᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠭᠤᠤᠯ ᠱᠤᠭᠤᠮ ᠪᠤᠯᠭᠠᠵᠦ᠂ | ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠬᠡ ᠶᠢᠨ ᠬᠡᠷᠡᠭᠵᠢᠭᠦᠯᠦᠯᠳᠡ ᠳᠤ ᠦᠢᠯᠡᠴᠢᠯᠡᠬᠦ ᠳᠤ | ᠲᠦᠪᠯᠡᠷᠡᠵᠦ᠂ ᠬᠤᠰᠢᠭᠤᠨ ᠤ ᠠᠷᠪᠠᠨ ᠲᠦᠷᠪᠡᠳᠦᠭᠡᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠲᠤᠭᠳᠠᠭᠠᠭᠰᠠᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠪᠠ ᠬᠤᠰᠢᠭᠤ ᠨᠠᠮ ᠤᠨ ᠬᠤᠷᠢᠶᠠᠨ ᠤ | ᠠᠷᠪᠠᠨ ᠲᠦᠷᠪᠡᠳᠦᠭᠡᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠠᠵᠢᠯ ᠤᠨ ᠲᠤᠬᠢᠷᠠᠭᠤᠯᠤᠯᠳᠠ ᠶᠢᠨ | ᠲᠤᠭᠤᠷᠢᠨ ᠳᠤ᠂ ᠪᠦᠬᠦ ᠬᠤᠰᠢᠭᠤᠨ ᠤ ᠡᠯ᠎ᠡ ᠬᠦᠷᠢᠶᠡᠨ ᠤ ᠭᠤᠤᠯᠳᠠᠯᠭ᠎ᠠ ᠲᠠᠢ ᠠᠵᠢᠯ ᠰᠠᠨᠠᠭᠠᠴᠢᠯᠠᠭ᠎ᠠ ᠠᠴᠠ ᠪᠠᠨ | ᠤᠷᠤᠯᠴᠠᠨ᠎ᠠ᠃ ᠠᠷᠠᠳ ᠤᠨ ᠲᠦᠯᠦᠭᠡ ᠬᠢᠬᠦ ᠠᠷᠭ᠎ᠠ ᠬᠡᠮᠵᠢᠶ᠎ᠡ ᠪᠠᠷ ᠰᠢᠨ᠎ᠡ ᠠᠶᠠᠨ ᠢ ᠬᠠᠮᠠᠭᠠᠯᠠᠵᠦ᠂ ᠰᠠᠨᠠᠯ | ᠵᠦᠪᠯᠡᠯᠭᠡ ᠲᠤᠷᠠᠳᠴᠦ ᠵᠠᠰᠠᠭ ᠲᠤ ᠲᠤᠰᠠᠯᠠᠬᠤ ᠪᠠ ᠬᠠᠮᠳᠦ ᠶᠢᠨ ᠲᠠᠨᠢᠯᠳᠠ ᠶᠢ ᠨᠢᠠᠠᠳᠠᠷᠠᠭᠤᠯᠬᠤ ᠳᠤ ᠬᠤᠶᠠᠷ ᠲᠠᠯ᠎ᠠ | ᠪᠠᠷ ᠢᠶᠠᠨ ᠬᠦᠴᠦᠯᠡᠵᠦ᠂ ᠦᠷ᠎ᠡ ᠪᠦᠳᠦᠮᠵᠢ ᠤᠯᠬᠤ ᠬᠡᠷᠡᠭᠳᠡᠢ᠃ ᠠᠷᠠᠳ ᠤᠨ ᠠᠮᠢᠳᠤᠷᠠᠯ ᠤᠨ ᠠᠰᠠᠭᠤᠳᠠᠯ ᠳᠤ | ᠠᠩᠬᠠᠷᠤᠯ ᠢᠶᠠᠨ ᠲᠦᠪᠯᠡᠷᠡᠭᠦᠯᠦᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠤᠨᠤᠰᠴᠦ᠂ ︽ᠠᠷᠠᠳ ᠤᠨ | ᠲᠦᠯᠦᠭᠡ ᠵᠦᠪᠳᠡᠯᠴᠡᠬᠦ︾ ᠲᠤᠭᠳᠠᠴᠠ ᠶᠢᠨ ᠪᠠᠶᠢᠭᠤᠯᠤᠯᠳᠠ ᠶᠢ ᠲᠠᠰᠤᠷᠠᠯᠳᠠ ᠦᠭᠡᠢ ᠴᠢᠩᠭᠠᠳᠬᠠᠨ᠂ ᠣᠯᠣᠰ | ᠲᠦᠷᠦ ᠶᠢᠨ ᠵᠦᠪᠯᠡᠯᠭᠡᠨ ᠤ ᠵᠦᠪᠯᠡᠯᠭᠡ ᠶᠢ ᠦᠨᠳᠦᠰᠦᠨ ᠱᠠᠳᠣᠨ ᠤ ᠨᠡᠶᠢᠭᠡᠮ ᠤᠨ ᠵᠠᠰᠠᠯᠳᠠ ᠲᠠᠢ ᠤᠶᠠᠯᠳᠤᠭᠤᠯᠬᠤ | ᠶᠢ ᠠᠬᠢᠭᠤᠯᠬᠤ ᠶᠢᠨ ᠬᠠᠮᠳᠦ ᠮᠠᠨ ᠤ ᠬᠤᠰᠢᠭᠤᠨ ᠤ ᠡᠯ᠎ᠡ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠢᠯᠡᠰ | ᠢ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠨᠢᠭᠡ ᠲᠦᠷᠦᠯ ᠤᠨ ᠰᠠᠭᠤᠷᠢ ᠴᠢᠨᠠᠷᠳᠠᠢ ᠦᠢᠯᠡᠰ ᠤᠨ ᠬᠤᠪᠢ | ᠪᠠᠷ ᠪᠤᠳᠠᠳᠠᠢ ᠴᠢᠩᠭ᠎ᠠ ᠠᠳᠬᠤᠬᠤ ᠬᠡᠷᠡᠭᠳᠡᠢ᠃ ᠰᠤᠶᠤᠯ ᠤᠨ ᠵᠢᠯᠤᠭᠤᠳᠤᠯᠭ᠎ᠠ ᠪᠠᠷ ᠰᠢᠨ᠎ᠡ ᠠᠶᠠᠨ ᠵᠠᠮ ᠢ | ᠪᠠᠳᠤᠯᠠᠵᠦ᠂᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠠᠵᠢᠯ ᠦᠢᠯᠡᠰ ᠤᠨ ᠬᠦᠭᠵᠢᠯᠳᠡ ᠶᠢᠨ ᠰᠢᠨ᠎ᠡ | ᠬᠠᠭᠤᠳᠠᠰᠤ ᠶᠢ ᠲᠠᠬᠢᠨ ᠪᠢᠴᠢᠭᠯᠡᠵᠦ᠂ ᠭᠡᠷᠡᠯ ᠰᠠᠴᠤᠷᠠᠩᠭᠤᠢ ᠬᠠᠭᠤᠳᠠᠰᠦ ᠶᠢ ᠦᠷᠭᠦᠯᠵᠢᠯᠡᠨ ᠪᠢᠴᠢᠭᠯᠡᠬᠦ ᠶᠢ | ᠠᠬᠢᠭᠤᠯᠤᠨ᠎ᠠ᠃ ᠰᠢᠨ᠎ᠡ ᠴᠠᠭ ᠦᠶ᠎ᠡ᠂ ᠰᠢᠨ᠎ᠡ ᠪᠠᠶᠢᠳᠠᠯ᠂ ᠰᠢᠨ᠎ᠡ ᠡᠭᠦᠷᠭᠡ ᠶᠢᠨ ᠱᠠᠭᠠᠷᠳᠠᠯᠭ᠎ᠠ ᠳᠤ ᠲᠠᠰᠤᠷᠠᠯᠳᠠ | ᠦᠭᠡᠢ ᠵᠤᠬᠢᠴᠠᠵᠦ᠂ ᠰᠤᠷᠤᠯᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠴᠢᠳᠠᠪᠦᠷᠢ ᠶᠢᠨ ᠬᠢᠷᠢ ᠲᠦᠪᠰᠢᠨ | ᠢᠶᠠᠨ ᠲᠡᠭᠡᠭᠰᠢᠯᠡᠭᠦᠯᠵᠦ᠂ ᠦᠨᠳᠦᠷ ᠬᠢᠷᠢ ᠲᠦᠪᠰᠢᠨ ᠲᠠᠢ ᠬᠡᠰᠢᠬᠦᠳ ᠤᠨ ᠡᠩᠨᠡᠭᠡ ᠪᠠ ᠪᠠᠶᠢᠭᠤᠯᠭ᠎ᠠ ᠶᠢᠨ | ᠺᠠᠳ᠋ᠷᠴᠤᠳ ᠤᠨ ᠡᠩᠨᠡᠭᠡ ᠶᠢ ᠪᠠᠶᠢᠭᠤᠯᠵᠦ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠦᠢᠯᠡᠰ ᠰᠢᠨ᠎ᠡ | ᠱᠠᠳᠣᠨ ᠳᠤ ᠭᠠᠷᠬᠤ ᠶᠢ ᠠᠬᠢᠭᠤᠯᠬᠤ ᠳᠤ ᠬᠦᠴᠦᠳᠡᠢ ᠪᠠᠳᠠᠯᠠᠭᠠ ᠬᠠᠩᠭᠠᠨ᠎ᠠ ᠬᠡᠵᠦ ᠢᠯᠡᠷᠭᠡᠶᠢᠯᠡᠭᠰᠡᠨ ᠪᠠᠶᠢᠨ᠎ᠠ᠃ | | ᠵᠢᠶᠠ ᠪᠤᠤ ᠯᠢᠶᠠᠩ᠂ ᠬᠤᠰᠢᠭᠤ ᠨᠠᠮ ᠤᠨ ᠬᠤᠷᠢᠶ᠎ᠠ ᠶᠢ ᠲᠦᠯᠦᠭᠡᠯᠡᠨ ᠶᠡᠭᠡ ᠬᠤᠷᠠᠯ ᠤᠨ ᠠᠮᠵᠢᠯᠳᠠ ᠲᠠᠢ | ᠬᠤᠷᠠᠯᠳᠤᠭᠰᠠᠨ ᠳᠤ ᠪᠠᠶᠠᠷ ᠭᠦᠷᠭᠡᠨ᠂ ᠡᠯ᠎ᠡ ᠬᠡᠰᠢᠬᠦᠳ ᠬᠤᠷᠠᠯ ᠤᠨ ᠠᠮᠵᠢᠯᠳᠠ ᠲᠠᠢ ᠬᠤᠷᠠᠯᠳᠤᠭᠰᠠᠨ ᠳᠤ ᠪᠠᠶᠠᠷ | ᠬᠦᠷᠭᠡᠨ᠂ ᠡᠯ᠎ᠡ ᠬᠡᠰᠢᠬᠦᠳ ᠬᠤᠷᠠᠯ ᠤᠨ ᠬᠤᠭᠤᠴᠠᠭᠠᠨ ᠳᠤ ᠤᠷᠬᠢᠯᠤᠮ᠎ᠠ ᠬᠠᠯᠠᠭᠤᠨ ᠤᠯᠤᠰ ᠲᠦᠷᠦ ᠶᠢᠨ ᠬᠠᠯᠠᠭᠤ | ᠰᠡᠳᠬᠢᠯᠬᠡ ᠪᠠ ᠴᠢᠩᠭ᠎ᠠ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠵᠦ᠂ ᠢᠳᠡᠪᠬᠢᠳᠡᠢ ᠪᠠᠷ | ᠰᠠᠨᠠᠯ ᠵᠦᠪᠯᠡᠯᠭᠡ ᠲᠤᠷᠠᠳᠤᠨ᠂ ᠠᠷᠭ᠎ᠠ ᠤᠬᠠᠭᠠᠨ ᠭᠠᠷᠭᠠᠵᠦ᠂ ᠮᠠᠰᠢ ᠤᠯᠠᠨ ᠰᠠᠶᠢᠨ ᠰᠠᠨᠠᠯ ᠰᠠᠨᠠᠭᠤᠯᠭ᠎ᠠ ᠲᠤᠷᠠᠳᠴᠦ | ᠂ ᠨᠡᠯᠢᠶᠡᠳ ᠦᠨᠳᠦᠷ ᠲᠦᠪᠰᠢᠨ ᠤ ᠲᠤᠰᠢᠶᠠᠯ ᠢᠶᠠᠨ ᠬᠦᠢᠴᠡᠳᠭᠡᠭᠰᠡᠨ ᠪᠠ ᠰᠠᠶᠢᠨ ᠰᠠᠶᠢᠬᠠᠨ ᠤᠶᠤᠨ ᠰᠠᠨᠠᠭᠠᠨ ᠤ | ᠲᠦᠷᠰᠦ ᠪᠠᠶᠢᠳᠠᠯ ᠢ ᠢᠯᠡᠷᠡᠭᠦᠯᠪᠡ᠃ ᠬᠤᠷᠠᠯ ᠠᠴᠠ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠰᠢᠨ᠎ᠡ | ᠨᠢᠬᠡᠨ ᠬᠤᠭᠤᠴᠠᠭᠠᠨ ᠤ ᠤᠳᠤᠷᠢᠳᠬᠤ ᠪᠠᠭ ᠢ ᠰᠤᠩᠭᠤᠨ ᠭᠠᠷᠭᠠᠵᠦ᠂ ᠶᠡᠭᠡ ᠬᠤᠷᠠᠯ ᠠᠮᠵᠢᠯᠳᠠ ᠲᠠᠢ ᠶᠠᠪᠤᠭᠳᠠᠵᠦ᠂ | ᠤᠯᠠᠨ ᠤ ᠰᠠᠨᠠᠯ ᠢ ᠠᠪᠴᠦ ᠤᠯᠠᠨ ᠤ ᠤᠬᠠᠭᠠᠨ ᠢ ᠲᠦᠪᠯᠡᠷᠡᠭᠦᠯᠵᠦ᠂ ᠬᠦᠭᠵᠢᠯᠳᠡ ᠶᠢ ᠬᠠᠮᠳᠦ ᠪᠠᠷ ᠡᠷᠬᠢᠯᠡᠭᠰᠡᠨ | ᠶᠡᠭᠡ ᠬᠤᠷᠠᠯ᠂ ᠬᠦᠮᠦᠰ ᠤᠨ ᠰᠡᠳᠬᠢᠯ ᠢ ᠵᠤᠷᠢᠭᠵᠢᠭᠤᠯᠵᠦ᠂ ᠤᠷᠮ᠎ᠠ ᠵᠤᠷᠢᠭ ᠢ ᠬᠦᠪᠴᠢᠯᠡᠭᠰᠡᠨ ᠶᠡᠭᠡ ᠬᠤᠷᠠᠯ | ᠪᠤᠯᠵᠠᠢ ᠬᠡᠵᠡᠢ᠃ | ᠵᠢᠶᠠ ᠪᠤᠤ ᠯᠢᠶᠠᠩ ᠵᠢᠭᠠᠵᠦ ᠭᠠᠷᠭᠠᠭᠰᠠᠨ ᠨᠢ᠂ ᠦᠩᠭᠡᠷᠡᠭᠰᠡᠨ ᠲᠦᠷᠪᠡᠨ ᠵᠢᠯ ᠪᠤᠯ ᠮᠠᠨ ᠤ ᠬᠤᠰᠢᠭᠤᠨ ᠤ | ᠠᠵᠦ ᠠᠬᠤᠢ ᠨᠡᠶᠢᠬᠡᠮ ᠤᠨ ᠡᠯ᠎ᠡ ᠲᠦᠷᠦᠯ ᠤᠨ ᠠᠵᠢᠯ ᠦᠢᠯᠡᠰ ᠢᠯᠡᠳᠳᠡ ᠠᠮᠵᠢᠯᠳᠠ ᠣᠯᠣᠭᠰᠠᠨ ᠲᠦᠷᠪᠡᠨ ᠵᠢᠯ | ᠮᠦᠨ᠂ ᠪᠠᠰᠠ ᠴᠦ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠠᠵᠢᠯ ᠰᠢᠨ᠎ᠡ ᠶᠢ ᠡᠭᠦᠳᠴᠦ᠂ | ᠲᠠᠰᠤᠷᠠᠯᠳᠠ ᠦᠭᠡᠢ ᠰᠢᠨ᠎ᠡ ᠦᠷ᠎ᠡ ᠪᠦᠳᠦᠮᠵᠢ ᠤᠯᠤᠭᠰᠠᠨ ᠲᠦᠷᠪᠡᠨ ᠵᠢᠯ ᠮᠦᠨ᠃ ᠲᠦᠷᠪᠡᠨ ᠵᠢᠯ ᠤᠨ ᠲᠤᠷᠰᠢ᠂ | ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠲᠦᠷᠪᠡᠳᠦᠭᠡᠷ ᠬᠤᠭᠤᠴᠠᠭᠠᠨ ᠤ ᠵᠦᠪᠯᠡᠯ ᠪᠦᠯᠬᠦᠮᠳᠡᠯ | ᠪᠠ ᠠᠷᠠᠳᠴᠢᠯᠠᠯ ᠬᠤᠶᠠᠷ ᠶᠡᠭᠡ ᠭᠤᠤᠯ ᠰᠡᠳᠦᠪ ᠢ ᠪᠠᠳᠤ ᠡᠵᠡᠮᠳᠡᠵᠦ᠂ ᠤᠯᠤᠰ ᠲᠦᠷᠦ ᠶᠢᠨ ᠵᠦᠪᠯᠡᠯᠭᠡᠨ ᠤ | ᠵᠤᠬᠢᠶᠠᠨ ᠪᠠᠶᠢᠭᠤᠯᠤᠯᠳᠠ ᠶᠢᠨ ᠦᠪᠡᠷᠮᠢᠴᠡ ᠲᠠᠪᠠᠭᠤᠯᠢᠭ ᠪᠠ ᠬᠡᠰᠢᠬᠦᠳ ᠤᠨ ᠭᠤᠤᠯ ᠴᠤᠭᠴᠠ ᠶᠢᠨ ᠦᠢᠯᠡᠳᠦᠯ ᠢ | ᠬᠦᠢᠴᠡᠳ ᠪᠠᠳᠠᠷᠠᠭᠤᠯᠤᠨ᠂ ᠰᠠᠨᠠᠭᠠᠴᠢᠯᠠᠭ᠎ᠠ ᠠᠴᠠ ᠪᠠᠨ ᠤᠴᠢᠷ ᠶᠠᠠᠪᠤᠳᠠᠯ ᠢ ᠪᠤᠳᠤᠯᠬᠢᠯᠠᠵᠦ᠂ ᠪᠦᠬᠦ ᠰᠡᠳᠬᠢᠯ ᠢᠶᠠᠷ | ᠢᠶᠠᠨ ᠠᠵᠢᠯᠯᠠᠵᠦ᠂ ᠬᠦᠴᠦ ᠪᠠᠨ ᠬᠠᠮᠳᠤᠳᠬᠠᠨ ᠶᠠᠪᠤᠳᠠᠯ ᠪᠦᠳᠦᠬᠡᠵᠦ᠂ ᠵᠠᠰᠠᠭ ᠲᠤ ᠲᠤᠰᠠᠯᠠᠵᠦ ᠰᠠᠨᠠᠯ ᠵᠦᠪᠯᠯᠡᠭᠡ | ᠲᠤᠷᠠᠳᠬᠤ ᠨᠢ ᠦᠨᠳᠦᠷ ᠲᠦᠪᠰᠢᠨ ᠲᠠᠢ᠂ ᠠᠷᠠᠳᠴᠢᠯᠠᠯ ᠢᠶᠠᠷ ᠬᠢᠨᠠᠯᠳᠠ ᠲᠠᠯᠪᠢᠬᠤ ᠨᠢ ᠡᠷᠴᠢᠮ ᠲᠠᠢ᠂ ᠰᠡᠳᠬᠢᠯ | ᠢᠶᠠᠨ ᠨᠢᠭᠡᠳᠭᠡᠨ ᠬᠦᠴᠦᠨ ᠢᠶᠠᠨ ᠬᠠᠮᠳᠤᠳᠬᠠᠵᠦ᠂ ᠬᠠᠨᠤᠮᠵᠢᠳᠡᠢ ︽ᠤᠯᠤᠰ ᠲᠦᠷᠦ ᠶᠢᠨ ᠵᠦᠪᠯᠡᠯᠭᠡᠨ ᠤ | ᠬᠠᠷᠢᠭᠤᠯᠳᠠ ᠶᠢᠨ ᠬᠠᠭᠤᠳᠠᠰᠦ︾ ᠶᠢ ᠲᠤᠰᠢᠶᠠᠭᠰᠠᠨ ᠪᠠᠶᠢᠨ᠎ᠠ ᠭᠡᠵᠡᠢ᠃ | | ᠵᠢᠶᠠ ᠪᠤᠤ ᠯᠢᠶᠠᠩ᠂ ᠬᠤᠰᠢᠭᠤᠨ ᠤ ᠠᠷᠪᠠᠨ ᠲᠦᠷᠪᠡᠳᠦᠭᠡᠷ ᠤᠳᠠᠭᠠᠨ ᠤ ᠨᠠᠮ ᠤᠨ ᠲᠦᠯᠦᠭᠡᠯᠡᠭᠴᠢᠳ ᠤᠨ | ᠶᠡᠭᠡ ᠬᠤᠷᠠᠯ ᠠᠴᠠ ᠲᠤᠷᠠᠳᠤᠭᠰᠠᠨ᠂ ᠪᠤᠬᠢᠷᠳᠤᠯ ᠦᠭᠡᠦ ᠪᠠᠷ ᠬᠡᠯᠪᠡᠷᠢ ᠪᠠᠨ ᠬᠤᠪᠢᠷᠠᠭᠤᠯᠬᠤ᠂ ᠨᠡᠭᠡᠭᠡᠯᠳᠡᠳᠡᠢ ᠪᠠᠷ | ᠬᠦᠭᠵᠢᠬᠦᠯᠬᠦ ᠶᠢ ᠪᠠᠷᠢᠮᠳᠠᠯᠠᠵᠦ᠂ ᠠᠮᠢ ᠠᠬᠤᠢ ᠪᠠᠷ ᠬᠤᠰᠢᠭᠤ ᠪᠠᠨ ᠪᠠᠰᠬᠠᠬᠤ᠂ ᠠᠵᠦ ᠦᠢᠯᠡᠳᠪᠦᠷᠢ ᠪᠠᠷ ᠬᠤᠰᠢᠭᠤ | ᠪᠠᠨ ᠬᠦᠴᠦᠷᠭᠡᠭᠵᠢᠬᠦᠯᠬᠦ᠂ ᠨᠡᠭᠡᠭᠡᠯᠳᠡ ᠪᠠᠷ ᠬᠤᠰᠢᠭᠤ ᠪᠠᠨ ᠠᠮᠢᠳᠤᠯᠢᠭ ᠪᠤᠯᠭᠠᠬᠤ ︽ᠭᠤᠷᠪᠠᠨ ᠶᠡᠭᠡ ᠪᠠᠶᠢᠯᠳᠤᠬᠤ | ᠪᠤᠳᠤᠯᠭ᠎ᠠ︾ ᠶᠢ ᠬᠡᠷᠡᠭᠵᠢᠭᠦᠯᠵᠦ᠂ ᠡᠬᠢ ᠪᠠᠶᠠᠯᠢᠭ᠂ ᠤᠷᠤᠨ ᠪᠠᠶᠢᠷᠢ᠂ ᠤᠷᠤᠨ ᠵᠠᠢ ᠶᠢᠨ ︽ᠭᠤᠷᠪᠠᠨ ᠶᠡᠭᠡ | ᠲᠠᠪᠠᠭᠤᠯᠢᠭ︾ ᠢ ᠲᠤᠪᠤᠶᠢᠯᠭᠠᠵᠦ᠂ ᠡᠨᠧᠷᠬᠢ᠂ ᠬᠢᠯᠢ ᠶᠢᠨ ᠪᠤᠭᠤᠮᠳᠠ᠂ ᠬᠦᠷᠢᠶᠡᠯᠡᠩ ᠲᠤᠭᠤᠷᠢᠭ ᠤᠨ ︽ᠭᠤᠷᠪᠠᠨ | ᠶᠡᠭᠡ ᠠᠴᠢᠶᠠᠯᠠᠪᠦᠷᠢ︾ ᠶᠢ ᠴᠤᠭᠴᠠᠯᠠᠵᠦ᠂ ᠲᠠᠷᠢᠶᠠᠯᠠᠩ ᠮᠠᠯ ᠠᠵᠦ ᠠᠬᠤᠢ᠂ ᠰᠤᠶᠤᠯ ᠵᠢᠭᠤᠯᠴᠢᠯᠠᠯ᠂ ᠠᠮᠢ ᠠᠬᠤᠢ | ᠶᠢᠨ ︽ᠭᠤᠷᠪᠠᠨ ᠦᠢᠯᠡᠰ ᠤᠨ ᠠᠭᠤᠰᠤᠯᠴᠠᠯ︾ ᠢ ᠲᠦᠷᠭᠡᠳᠭᠡᠨ᠂ ᠠᠷᠠᠳ ᠤᠨ ᠠᠮᠢᠳᠤᠷᠠᠯ᠂ ᠨᠡᠶᠢᠭᠡᠮ᠂ ᠬᠤᠳᠠ | ᠶᠢᠨ ᠪᠦᠳᠦᠬᠡᠨ ᠪᠠᠶᠢᠭᠤᠯᠤᠯᠳᠠ ᠶᠢᠨ ︽ᠭᠤᠷᠪᠠᠨ ᠲᠡᠭᠡᠭᠰᠢᠯᠡᠯᠳᠡ︾ ᠳᠤ ᠬᠦᠴᠦ ᠪᠠᠨ ᠲᠦᠪᠯᠡᠷᠡᠭᠦᠯᠵᠦ᠂ ᠠᠮᠢ | ᠠᠬᠤᠢ ᠶᠢᠨ ᠪᠦᠳᠦᠭᠡᠨ ᠪᠠᠶᠢᠭᠤᠯᠤᠯᠳᠠ᠂ ᠦᠨᠳᠦᠰᠦᠳᠡᠨ ᠤ ᠪᠦᠯᠬᠦᠮᠳᠡᠯ᠂ ᠬᠢᠯᠢ ᠬᠢᠵᠠᠭᠠᠷ ᠢ | ᠲᠤᠭᠳᠠᠪᠤᠷᠢᠵᠢᠭᠤᠯᠬᠤ ︽ᠭᠤᠷᠪᠠᠨ ᠶᠡᠭᠡ ᠬᠠᠷᠢᠭᠤᠴᠠᠯᠭ᠎ᠠ︾ ᠶᠢ ᠡᠭᠦᠷᠭᠡᠯᠡᠨ᠂ ᠠᠮᠢ ᠠᠬᠤᠢ᠂ ᠠᠮᠢᠵᠢᠷᠠᠯ ᠤᠨ | ᠬᠦᠴᠦᠨ᠂ ᠠᠮᠤᠷ ᠠᠮᠤᠭᠤᠯᠠᠩ᠂ ᠡᠶ᠎ᠡ ᠵᠤᠬᠢᠴᠠᠯ ᠲᠠᠢ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ ᠤᠨ | ᠤᠳᠤᠬᠢᠴᠢᠯᠠᠯᠳᠠ ᠶᠢᠨ ᠰᠢᠨ᠎ᠡ ᠲᠠᠷᠬᠠᠨ ᠮᠤᠤᠮᠢᠩᠭᠠᠨ ᠢ ᠴᠤᠭᠴᠠᠯᠠᠨ᠎ᠠ᠂ ᠡᠨᠡ ᠪᠤᠯ ᠬᠤᠶᠢᠰᠢᠳᠠ ᠶᠢᠨ ᠲᠠᠪᠤᠨ ᠵᠢᠯ | ᠳᠤ ᠪᠦᠬᠦ ᠬᠤᠰᠢᠭᠤᠨ ᠤ ᠬᠦᠭᠵᠢᠯᠳᠡ ᠶᠢ ᠶᠡᠷᠦᠩᠭᠡᠶᠢᠯᠡᠨ ᠡᠵᠡᠮᠳᠡᠬᠦ ᠭᠤᠤᠯ ᠰᠡᠳᠦᠪ ᠭᠤᠤᠯ ᠱᠤᠭᠤᠮ ᠪᠠ | ᠶᠡᠷᠦᠩᠭᠡᠢ ᠬᠠᠷᠠᠯᠳᠠ ᠪᠤᠯᠤᠨ᠎ᠠ᠃ ᠡᠯ᠎ᠡ ᠲᠦᠷᠦᠯ ᠤᠨ ᠬᠠᠷᠠᠯᠳᠠ ᠡᠭᠦᠷᠭᠡ ᠶᠢ ᠲᠤᠭᠳᠠᠭᠰᠠᠨ ᠬᠤᠭᠤᠴᠠᠭᠠᠨ ᠳᠤ | ᠪᠡᠶᠡᠯᠡᠭᠦᠯᠵᠦ᠂ ᠰᠠᠶᠢᠨ ᠰᠠᠶᠢᠬᠠᠨ ᠬᠦᠭᠵᠢᠯᠳᠡ ᠶᠢᠨ ᠠᠯᠤᠰ ᠤᠨ ᠲᠦᠯᠦᠪ ᠢ ᠪᠡᠶᠡᠯᠡᠭᠦᠯᠬᠦ ᠳᠤ ᠦᠶ᠎ᠡ ᠣᠯᠠᠮᠵᠢᠯᠠᠨ | ᠲᠠᠮᠵᠢᠭᠤᠯᠬᠤ᠂ ᠴᠠᠭ ᠦᠶ᠎ᠡ ᠲᠠᠢ ᠤᠷᠤᠭᠰᠢᠯᠠᠵᠦ ᠰᠡᠳᠦᠬᠦ᠂ ᠯᠠᠪᠳᠠᠭᠤᠨ ᠪᠠᠳᠤᠳᠠᠢ ᠲᠡᠮᠡᠴᠡᠬᠦ ᠴᠢᠬᠤᠯᠠᠳᠠᠢ᠂ ᠰᠢᠨ᠎ᠡ | ᠨᠢᠭᠡᠨ ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠡᠭᠦᠷᠭᠡ ᠴᠢᠳᠠᠪᠬᠢ ᠦᠢᠯᠡᠳᠦᠯ ᠢᠶᠠᠨ ᠬᠦᠢᠴᠡᠳ | ᠪᠠᠳᠠᠷᠠᠭᠤᠯᠵᠦ᠂ ᠬᠠᠷᠢᠴᠠᠭ᠎ᠠ ᠪᠠᠨ ᠨᠡᠩ ᠰᠠᠶᠢᠳᠤᠷ ᠬᠦᠭᠵᠢᠯᠳᠡ ᠶᠢᠨ ᠰᠢᠨ᠎ᠡ ᠪᠠᠶᠢᠳᠠᠯ ᠢ ᠬᠦᠴᠦ ᠪᠠᠨ ᠬᠠᠮᠳᠤᠳᠬᠠᠨ | ᠡᠭᠦᠳᠬᠦ ᠬᠡᠷᠡᠭᠳᠡᠢ᠃ ᠤᠯᠤᠰ ᠲᠦᠷᠦ ᠶᠢᠨ ᠵᠦᠪᠯᠡᠯᠭᠡᠨ ᠤ ᠬᠡᠰᠢᠬᠦᠳ ᠤᠯᠤᠰ ᠲᠦᠷᠦ ᠶᠢᠨ ᠵᠤᠭᠰᠤᠴᠠ ᠪᠠᠨ | ᠲᠡᠭᠡᠭᠰᠢᠯᠡᠭᠦᠯᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠳᠠᠯᠠᠬᠤ ᠶᠢ ᠤᠯᠤᠰ | ᠲᠦᠷᠦ ᠶᠢᠨ ᠵᠦᠪᠯᠡᠯᠭᠡᠨ ᠤ ᠰᠢᠨᠵᠢ ᠴᠢᠨᠠᠷ ᠪᠠᠶᠢᠷᠢ ᠲᠤᠭᠳᠠᠭᠠᠯᠳᠠ ᠶᠢ ᠤᠨᠤᠨᠴᠢᠳᠠᠢ ᠡᠵᠡᠮᠳᠡᠵᠦ᠂ ᠨᠠᠮ ᠤᠨ | ᠤᠳᠤᠷᠢᠳᠤᠯᠭ᠎ᠠ ᠶᠢ ᠪᠠᠷᠢᠮᠳᠠᠯᠠᠬᠤ ᠶᠢ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠭᠦᠯᠵᠦ᠂ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠬᠤ ᠶᠢ ᠣᠯᠣᠰ ᠲᠦᠷᠦ ᠶᠢᠨ ᠵᠦᠪᠯᠡᠯᠭᠡᠨ ᠤ ᠪᠦᠬᠦ ᠠᠵᠢᠯ ᠳᠤ | ᠲᠤᠭᠤᠰᠢᠯᠠᠭᠤᠯᠤᠨ᠂ ᠨᠠᠮ ᠤᠨ ᠲᠦᠪ ᠬᠤᠷᠢᠶ᠎ᠠ ᠂ ᠬᠤᠳᠠ ᠶᠢᠨ ᠨᠠᠨ ᠤᠨ ᠬᠤᠷᠢᠶ᠎ᠠ᠂ ᠬᠤᠰᠢᠭᠤ ᠨᠠᠮ ᠤᠨ | ᠬᠤᠷᠢᠶᠠᠨ ᠤ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠪᠤᠳᠠᠳᠠᠢ ᠳᠤ ᠨᠠᠶᠢᠳᠠᠪᠦᠷᠢᠵᠢᠭᠤᠯᠬᠤ ᠶᠢ ᠦᠨᠡᠨ ᠬᠦ | ᠪᠠᠳᠤᠯᠠᠨ᠎ᠠ᠃ ᠬᠦᠭᠵᠢᠯᠳᠡ ᠶᠢᠨ ᠶᠡᠭᠡ ᠲᠠᠯ᠎ᠠ ᠳᠤ ᠰᠠᠭᠤᠷᠢᠯᠠᠵᠦ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ | ᠲᠠᠯ᠎ᠠ ᠪᠠᠷ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠳᠡᠢ᠃ ᠬᠠᠷᠢᠭᠤᠴᠠᠯᠭ᠎ᠠ ᠶᠢᠨ ᠤᠬᠠᠮᠰᠠᠷ᠂ | ᠦᠢᠯᠡᠴᠢᠯᠡᠭᠡᠨ ᠤ ᠤᠬᠠᠮᠰᠠᠷ ᠢ ᠪᠠᠳᠤ ᠪᠠᠬᠢ ᠪᠤᠢ ᠪᠤᠯᠭᠠᠵᠦ᠂ ᠭᠤᠤᠯᠳᠠᠯᠭ᠎ᠠ ᠶᠢᠨ ᠲᠤᠭᠤᠷᠢᠨ ᠳᠤ᠂ ᠶᠡᠭᠡ ᠲᠠᠯ᠎ᠠ ᠳᠤ | ᠦᠢᠯᠡᠴᠢᠯᠡᠬᠦ ᠶᠢ ᠪᠠᠷᠢᠮᠳᠠᠯᠠᠨ᠂ ᠰᠠᠨᠠᠯ ᠵᠦᠪᠯᠡᠯᠭᠡ ᠲᠤᠷᠠᠳᠴᠦ ᠵᠠᠰᠠᠭ ᠲᠤ ᠲᠣᠰᠠᠯᠠᠬᠤ ᠪᠠ ᠬᠠᠮᠳᠦ ᠶᠢᠨ ᠲᠠᠨᠢᠯᠳᠠ | ᠶᠢ ᠨᠢᠠᠠᠳᠠᠷᠠᠭᠤᠯᠬᠤ ᠲᠠᠯ᠎ᠠ ᠪᠠᠷ ᠬᠦᠴᠦᠯᠡᠵᠦ᠂ ᠪᠦᠬᠦ ᠬᠤᠰᠢᠭᠤᠨ ᠤ ᠠᠵᠦ ᠠᠬᠤᠢ ᠨᠡᠶᠢᠭᠡᠮ ᠤᠨ ᠴᠢᠨᠠᠷ ᠰᠠᠶᠢᠳᠠᠢ | ᠬᠦᠭᠵᠢᠯᠳᠡ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ᠃ ᠠᠷᠠᠳ ᠢᠶᠠᠷ ᠦᠨᠳᠦᠰᠦ ᠪᠤᠯᠭᠠᠬᠤ ᠶᠢ | ᠪᠠᠷᠢᠮᠳᠠᠯᠠᠵᠦ᠂ ᠠᠷᠠᠳ ᠤᠨ ᠠᠮᠢᠳᠤᠷᠠᠯ ᠤᠨ ᠵᠤᠯ ᠵᠢᠷᠭᠠᠯ ᠢ ᠪᠠᠳᠤᠯᠠᠬᠤ ᠲᠠᠯ᠎ᠠ ᠪᠠᠷ ᠨᠡᠩ ᠶᠡᠭᠡ ᠬᠤᠪᠢ ᠨᠡᠮᠡᠷᠢ | ᠦᠵᠡᠭᠦᠯᠬᠦ ᠬᠡᠷᠡᠭᠳᠡᠢ᠃ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠦᠨᠳᠦᠰᠦᠨ ᠱᠠᠳᠤᠨ ᠳᠤ ᠬᠠᠨᠳᠣᠬᠤ᠂ | ᠤᠯᠠᠨ ᠲᠦᠮᠡᠨ ᠲᠠᠢ ᠤᠶᠢᠷᠠᠬᠠᠨ ᠪᠠᠶᠢᠬᠤ ᠪᠠᠨ ᠬᠦᠢᠴᠡᠳ ᠪᠠᠳᠠᠷᠠᠭᠤᠯᠵᠦ᠂ ᠤᠯᠠᠨ ᠲᠦᠮᠡᠨ ᠤ ᠰᠡᠳᠬᠢᠯ ᠤᠨ | ᠲᠠᠭᠤᠨ ᠢ ᠲᠠᠮᠵᠢᠭᠤᠯᠵᠦ᠂ ᠤᠯᠠᠨ ᠲᠦᠮᠡᠨ ᠤ ᠬᠠᠮᠤᠭ ᠠᠴᠠ ᠠᠩᠬᠠᠷᠴᠦ ᠪᠠᠶᠢᠭ᠎ᠠ᠂ ᠬᠠᠮᠤᠭ ᠤᠨ ᠰᠢᠭᠤᠳ᠂ | ᠬᠠᠮᠤᠭ ᠤᠨ ᠪᠤᠳᠠᠳᠠᠢ ᠬᠡᠷᠡᠭᠴᠡᠭᠡ ᠪᠠ ᠠᠰᠠᠭᠤᠳᠠᠯ ᠲᠠᠢ ᠨᠢᠠᠠᠳᠠ ᠤᠶᠠᠯᠳᠤᠭᠤᠯᠤᠨ᠂ ᠲᠤᠰᠢᠶᠠᠯ ᠬᠠᠷᠢᠭᠤᠴᠠᠯᠭ᠎ᠠ | ᠪᠠᠨ ᠬᠦᠢᠴᠡᠳᠭᠡᠵᠦ᠂ ᠬᠦᠴᠢᠷ ᠵᠤᠪᠠᠭᠤᠷᠢ ᠶᠢ ᠨᠢ ᠰᠢᠢᠳᠪᠦᠷᠢᠯᠡᠨ᠎ᠡ᠃ ᠴᠢᠳᠠᠪᠦᠷᠢ ᠪᠠ ᠬᠡᠪ ᠴᠢᠨᠠᠷ ᠢᠶᠠᠨ | ᠲᠡᠭᠡᠭᠰᠢᠯᠡᠬᠦᠯᠵᠦ᠂ ᠲᠤᠰ ᠪᠡᠶ᠎ᠡ ᠶᠢᠨ ᠪᠠᠶᠢᠭᠤᠯᠤᠯᠳᠠ ᠪᠠᠨ ᠴᠢᠩᠭᠠᠳᠬᠠᠬᠤ ᠲᠠᠯ᠎ᠠ ᠪᠠᠷ ᠨᠡᠩ ᠶᠡᠭᠡ ᠠᠮᠵᠢᠯᠳᠠ | ᠪᠦᠳᠦᠮᠵᠢ ᠤᠯᠬᠤ ᠬᠡᠷᠡᠭᠳᠡᠢ᠃ ᠰᠢᠨ᠎ᠡ ᠨᠢᠬᠡᠨ ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ | ᠪᠠᠭ ᠤᠨ ᠬᠢᠨ ᠲᠤᠰ ᠪᠡᠶ᠎ᠡ ᠶᠢᠨ ᠪᠠᠶᠢᠭᠤᠯᠤᠯᠳᠠ ᠪᠠᠨ ᠦᠨᠡᠨ ᠬᠦ ᠴᠢᠩᠭᠠᠳᠬᠠᠵᠦ᠂ ᠤᠯᠤᠰ ᠲᠦᠷᠦ ᠶᠢᠨ | ᠵᠦᠪᠯᠡᠯᠭᠡᠨ ᠤ ᠬᠡᠰᠢᠬᠦᠨ ᠤ ᠢᠷᠠᠭᠤ ᠠᠯᠳᠠᠷ ᠢ ᠲᠠᠬᠢᠨᠳᠠ ᠨᠠᠩᠳᠢᠩᠨᠠᠵᠦ᠂ ᠰᠢᠨ᠎ᠡ ᠲᠦᠷᠢ ᠪᠠᠶᠢᠳᠠᠯ᠂ ᠰᠢᠨ᠎ᠡ | ᠡᠭᠦᠷᠭᠡᠯᠡᠯ᠂ ᠰᠢᠨ᠎ᠡ ᠵᠢᠳᠭᠦᠯ ᠴᠢᠷᠮᠠᠶᠢᠯᠭ᠎ᠠ ᠪᠠᠷ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠦ᠂ ᠰᠢᠨ᠎ᠡ ᠶᠢ | ᠡᠭᠦᠳᠴᠦ᠂ ᠤᠯᠣᠰ ᠲᠦᠷᠦ ᠶᠢᠨ ᠵᠦᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ ᠲᠠᠰᠣᠷᠠᠯᠳᠠ ᠦᠭᠡᠢ ᠪᠤᠢ | ᠪᠤᠯᠭᠠᠬᠤ ᠬᠡᠷᠡᠭᠳᠡᠢ ᠬᠡᠵᠦ ᠴᠢᠩᠭᠠᠳᠬᠠᠭᠰᠠᠨ ᠪᠠᠶᠢᠨ᠎ᠠ᠃ | ᠶᠡᠭᠡ ᠬᠤᠷᠠᠯ ᠨᠢ ᠰᠦᠷ ᠵᠢᠪᠬᠤᠯᠠᠩᠳᠦ ᠤᠯᠤᠰ ᠤᠨ ᠰᠦᠯᠳᠡ ᠲᠠᠭᠤᠤ ᠲᠤᠮᠳᠠ ᠲᠡᠭᠦᠰᠪᠡ᠃ |