ᠪᠡᠭᠡᠵᠢᠩ ᠤᠷᠤᠬᠤ ᠪᠤᠶᠤ ᠪᠤᠴᠠᠬᠤ ᠬᠦᠮᠦᠰ ᠠᠩᠬᠠᠷᠤᠭᠴᠢ
ᠨᠡᠶᠢᠲᠡᠯᠡᠭᠰᠡᠨ ᠴᠠᠭ᠄
2022/1/18
     ᠪᠡᠭᠡᠵᠢᠩ ᠤᠷᠤᠬᠤ ᠪᠤᠶᠤ ᠪᠡᠭᠡᠵᠢᠩ ᠳᠤ ᠪᠤᠴᠠᠬᠤ ᠬᠦᠮᠦᠰ48 ᠴᠠᠭ ᠤᠨ ᠲᠤᠳᠤᠷᠠᠬᠢ ᠪᠦᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠪᠠ ︽ᠪᠡᠭᠡᠵᠢᠩ ᠤᠨ ᠡᠷᠡᠭᠦᠯ ᠮᠡᠨᠳᠦ︾ ᠶᠢᠨ ᠨᠤᠭᠤᠭᠠᠨ ᠺᠤᠳ᠋  ᠲᠠᠢ ᠪᠠᠶᠢᠬᠤ ᠰᠠᠭᠤᠷᠢᠨ ᠲᠡᠭᠡᠷ᠎ᠡ᠂2022 ᠤᠨ ᠤ1   ᠳ᠋ᠦ᠋ᠭᠡᠷ ᠰᠠᠷ᠎ᠠ ᠶᠢᠨ22 ᠤᠨ ᠡᠳᠦᠷ ᠤᠨ  ᠲᠡᠭ ᠴᠠᠭ ᠠᠴᠠ ᠡᠬᠢᠯᠡᠨ3  ᠳ᠋ᠤᠭᠠᠷ ᠰᠠᠷ᠎ᠠ ᠶᠢᠨ ᠰᠡᠭᠦᠯᠴᠢ ᠪᠤᠯᠳᠠᠯ᠎ᠠ᠂ ᠪᠡᠭᠡᠵᠢᠩ ᠳᠤ ᠣᠷᠣᠬᠤ ᠬᠦᠮᠦᠰ ᠪᠡᠭᠡᠵᠢᠩ ᠳᠤ ᠣᠴᠢᠭᠰᠠᠨ  ᠤ ᠲᠠᠷᠠᠭ᠎ᠠ72 ᠴᠠᠭ ᠤᠨ ᠲᠤᠳᠤᠷ᠎ᠠ ᠨᠢᠭᠡ ᠤᠳᠠᠭᠠᠨ ᠤ ᠪᠦᠭᠡᠮ ᠬᠦᠴᠢᠯ ᠤᠨ ᠪᠠᠶᠢᠴᠠᠭᠠᠯᠳᠠ ᠬᠢᠬᠦ ᠬᠡᠷᠡᠭᠳᠡᠢ᠃ ᠤᠯᠠᠨ ᠲᠦᠮᠡᠨ ᠰᠡᠷᠭᠡᠶᠢᠯᠡᠨ ᠬᠤᠷᠢᠭᠯᠠᠬᠤ ᠬᠠᠮᠢᠶ᠎ᠠ ᠪᠦᠬᠦᠢ ᠰᠠᠨᠠᠭᠤᠯᠤᠮᠵᠢ ᠶᠢ ᠠᠩᠬᠠᠷᠴᠦ᠂ ᠬᠢᠵᠢᠭ ᠢ ᠰᠡᠷᠭᠡᠶᠢᠯᠡᠬᠦ ᠲᠤᠭᠳᠠᠭᠠᠯ ᠢ ᠤᠬᠠᠮᠰᠠᠷ ᠠᠴᠠ ᠪᠠᠨ  ᠵᠢᠷᠤᠮᠯᠠᠨ᠂ ᠪᠡᠭᠡᠵᠢᠩ ᠳᠤ ᠬᠦᠷᠦᠭᠰᠡᠨ ᠤ ᠲᠠᠷᠠᠭ᠎ᠠ ᠲᠡᠷᠡ ᠲᠠᠷᠤᠢ ᠳᠤᠨᠢ ᠰᠠᠭᠤᠭ᠎ᠠ ᠨᠡᠶᠢᠭᠡᠮ ᠲᠤᠭᠤᠷᠢᠭ  ︵ᠲᠤᠰᠬᠤᠨ︶᠂ ᠪᠠᠶᠢᠭᠤᠯᠭ᠎ᠠ ᠨᠢᠭᠡᠴᠢ ᠪᠤᠶᠤ ᠵᠤᠴᠢᠳ ᠤᠨ ᠪᠠᠭᠤᠳᠠᠯ ᠳᠤ ᠪᠠᠨ ᠮᠡᠳᠡᠭᠦᠯᠵᠦ᠂ ᠪᠦᠬᠡᠮ ᠬᠦᠴᠢᠯ ᠤᠨ ᠪᠠᠶᠢᠴᠠᠭᠠᠯᠳᠠ᠂ ᠡᠷᠡᠭᠦᠯ ᠮᠡᠨᠳᠦ ᠶᠢᠨ ᠬᠠᠮᠢᠶᠠᠷᠤᠯᠳᠠ ᠵᠡᠷᠭᠡ ᠬᠢᠵᠢᠭ ᠢ ᠰᠡᠷᠭᠡᠶᠢᠯᠡᠬᠦ ᠠᠵᠢᠯ ᠢ ᠰᠠᠶᠢᠳᠤᠷ ᠬᠢᠬᠦ ᠳᠤ ᠬᠠᠮᠵᠢᠯᠴᠠᠬᠤ ᠬᠡᠷᠡᠭᠳᠡᠢ᠃ ᠰᠠᠨᠠᠭᠠᠴᠢᠯᠠᠭ᠎ᠠ ᠠᠴᠠ ᠪᠠᠨ  ᠮᠡᠳᠡᠭᠦᠯᠬᠦ ᠦᠭᠡᠢ ᠪᠤᠶᠤ ᠬᠢᠵᠢᠭ ᠢ ᠰᠡᠷᠭᠡᠶᠢᠯᠡᠬᠦ ᠠᠵᠢᠯ ᠳᠤ ᠬᠠᠮᠵᠢᠯᠴᠠᠬᠤ ᠦᠭᠡᠢ ᠠᠴᠠ ᠪᠤᠯᠵᠦ᠂ ᠬᠦᠨᠳᠦ ᠨᠤᠴᠢᠳᠠᠢ ᠦᠷ᠎ᠡ ᠳ᠋ᠦᠩ ᠭᠠᠷᠭᠠᠭᠰᠠᠨ ᠪᠠᠶᠢᠪᠠᠯ᠂ ᠲᠤᠭᠳᠠᠭᠠᠯ ᠶᠤᠰᠤᠭᠠᠷ ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠨ᠎ᠡ᠃      ᠤᠳᠤᠬᠠᠨ ᠳᠤ᠂ ᠪᠡᠭᠡᠵᠢᠩ ᠬᠤᠳᠠ ᠶᠢᠨ16  ᠲᠤᠭᠤᠷᠢᠭ ᠲᠤ ᠨᠡᠶᠢᠳᠡ316 ᠪᠦᠭᠡᠮ ᠬᠦᠴᠢᠯ ᠤᠨ ᠦᠯᠢᠭᠡᠷ ᠠᠪᠬᠤ ᠴᠡᠭ ᠪᠠ24 ᠴᠠᠭ ᠢᠶᠠᠷ ᠵᠢᠵᠢᠭᠦᠷᠯᠡᠬᠦ ᠪᠦᠭᠡᠮ ᠬᠦᠴᠢᠯ ᠤᠨ ᠪᠠᠶᠢᠴᠠᠭᠠᠯᠳᠠ ᠶᠢᠨ ᠪᠠᠶᠢᠭᠤᠯᠤᠮᠵᠢ44 ᠪᠤᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号