ᠰᠠᠨᠠᠭᠤᠯᠤᠮᠵᠢ
ᠨᠡᠶᠢᠲᠡᠯᠡᠭᠰᠡᠨ ᠴᠠᠭ᠄
2022/1/18
     ᠡᠪᠡᠳᠴᠢᠨ ᠬᠡᠵᠢᠭ ᠢ ᠰᠡᠷᠭᠡᠶᠢᠯᠡᠨ ᠬᠤᠷᠢᠭᠯᠠᠬᠤ ᠲᠦᠪ ᠤᠨ ᠲᠤᠰᠬᠠᠢ ᠮᠡᠷᠭᠡᠵᠢᠯᠳᠡᠨ ᠤ ᠭᠠᠳᠠᠭᠠᠳᠦ ᠠᠴᠠ ᠤᠷᠤᠭᠤᠯᠤᠭᠰᠠᠨ ᠪᠠᠷᠠᠭ᠎ᠠ ᠶᠢ ᠬᠡᠷᠬᠢᠨ ᠬᠤᠳᠠᠯᠳᠤᠨ ᠠᠪᠬᠤ ᠲᠤᠬᠠᠢ ᠰᠠᠨᠠᠭᠤᠯᠤᠮᠵᠢ᠄      1. ᠵᠢᠩᠭᠢᠨᠢ ᠬᠡᠳᠦ ᠲᠡᠯᠭᠡᠭᠦᠷ ᠪᠤᠶᠤ ᠵᠠᠬ᠎ᠠ ᠲᠡᠯᠭᠡᠭᠦᠷ ᠢ ᠰᠤᠩᠭᠤᠵᠦ ᠬᠤᠳᠠᠯᠳᠤᠨ ᠠᠪᠤᠨ᠎ᠠ᠂ ᠬᠤᠳᠠᠯᠳᠤᠨ ᠠᠪᠬᠤ   ᠳᠠᠭᠠᠨ ᠪᠤᠯᠭᠤᠮᠵᠢᠯᠠᠵᠦ᠂ ᠪᠠᠷᠠᠭᠠᠨ ᠤ ᠭᠠᠷᠤᠯᠳᠠ ᠶᠢᠨ ᠭᠠᠵᠠᠷ᠂ ᠢᠷᠡᠯᠳᠡ᠂ ᠬᠢᠯᠢ ᠪᠠᠷ ᠤᠷᠤᠵᠦ ᠢᠷᠡᠬᠦ ᠪᠠᠷᠠᠭᠠᠨ ᠤ ᠬᠢᠵᠢᠭ ᠤᠨ ᠪᠠᠶᠢᠴᠠᠭᠠᠯᠳᠠ ᠶᠢᠨ ᠭᠡᠷᠡᠴᠢ ᠵᠡᠷᠭᠡ ᠮᠡᠳᠡᠭᠡ ᠵᠠᠩᠭᠢ ᠶᠢ ᠠᠩᠬᠠᠷᠬᠤ ᠬᠡᠷᠡᠭᠳᠡᠢ᠃      2. ᠢᠷᠡᠯᠳᠡ ᠨᠢ ᠲᠤᠳᠤᠷᠬᠠᠢ ᠦᠭᠡᠢ ᠭᠠᠳᠠᠭᠠᠳᠦ ᠠᠴᠠ ᠤᠷᠤᠭᠤᠯᠤᠭᠰᠠᠨ ᠪᠠᠷᠠᠭ᠎ᠠ ᠶᠢ ᠬᠤᠳᠠᠯᠳᠤᠨ ᠠᠪᠬᠤ  ᠠᠴᠠ ᠬᠢᠴᠢᠶᠡᠬᠦ ᠬᠡᠷᠡᠭᠳᠡᠢ᠃      3. ᠭᠠᠳᠠᠭᠠᠳᠦ ᠠᠴᠠ ᠤᠷᠤᠭᠤᠯᠤᠭᠰᠠᠨ ᠪᠠᠷᠠᠭ᠎ᠠ ᠶᠢ ᠰᠦᠯᠵᠢᠶᠡᠨ ᠲᠡᠭᠡᠷ᠎ᠡ ᠠᠴᠠ ᠬᠤᠳᠠᠯᠳᠤᠨ ᠠᠪᠬᠤ᠂ ᠤᠷᠤᠯᠠᠨ ᠬᠤᠳᠠᠯᠳᠤᠭᠴᠢ ᠠᠴᠠ ᠬᠤᠳᠠᠯᠳᠤᠨ ᠠᠪᠬᠤ ᠠᠴᠠ ᠵᠠᠶᠢᠯᠠᠰᠬᠢᠬᠦ ᠬᠡᠷᠡᠭᠳᠡᠢ᠃      4. ᠭᠠᠳᠠᠭᠠᠳᠤ ᠠᠴᠠ  ᠤᠷᠤᠭᠤᠯᠤᠭᠰᠠᠨ ᠪᠠᠷᠠᠭ᠎ᠠ ᠶᠢ ᠬᠤᠳᠠᠯᠳᠤᠨ ᠠᠪᠬᠤ ᠳᠠᠭᠠᠨ᠂ ᠬᠤᠪᠢ ᠬᠦᠮᠦᠨ ᠤ ᠬᠠᠮᠠᠭᠠᠯᠠᠯᠳᠠ ᠪᠠᠨ ᠰᠠᠶᠢᠳᠦᠷ ᠬᠢᠬᠦ ᠬᠡᠷᠡᠭᠳᠡᠢ᠃      5. ᠪᠠᠷᠠᠭ᠎ᠠ ᠪᠠᠨ ᠲᠤᠰᠤᠭᠰᠠᠨ ᠤ   ᠪᠠᠨ ᠲᠠᠷᠠᠭ᠎ᠠ ᠣᠷᠢᠳ ᠢᠶᠠᠷ ᠭᠠᠳᠠᠷ ᠪᠤᠭᠤᠳᠠᠯ ᠢ ᠨᠢ ᠠᠷᠢᠭᠤᠳᠬᠠᠵᠦ᠂ ᠲᠠᠷᠠᠭ᠎ᠠ ᠨᠢ ᠭᠠᠷ ᠢᠶᠠᠨ ᠤᠬᠢᠶᠠᠬᠤ ᠬᠡᠷᠡᠭᠳᠡᠢ᠃      6. ᠲᠦᠷᠭᠡᠨ ᠬᠦᠷᠭᠡᠯᠳᠡ ᠶᠢᠨ ᠪᠤᠭᠤᠳᠠᠯ ᠪᠠᠭᠯᠠᠭ᠎ᠠ ᠶᠢ ᠬᠦᠯᠦᠶᠡᠨ ᠠᠪᠬᠤ ᠳᠠᠭᠠᠨ᠂ ᠬᠤᠪᠢ ᠬᠦᠮᠦᠨ ᠤ ᠬᠠᠮᠠᠭᠠᠯᠠᠯᠳᠠ ᠶᠢ ᠰᠠᠶᠢᠳᠣᠷ  ᠬᠢᠵᠦ᠂ ᠪᠤᠳᠠᠰ ᠤᠨ ᠭᠠᠳᠠᠷ ᠲᠠᠯ᠎ᠠ ᠶᠢ ᠠᠷᠢᠭᠤᠳᠬᠠᠬᠤ ᠪᠤᠶᠤ ᠨᠠᠷᠠᠪᠴᠢ ᠵᠡᠷᠭᠡ ᠠᠭᠤᠵᠢᠭᠤ ᠭᠠᠵᠠᠷ ᠬᠡᠰᠡᠭ ᠬᠤᠭᠤᠴᠠᠭ᠎ᠠ ᠲᠠᠯᠪᠢᠬᠤ ᠬᠡᠷᠡᠭᠳᠡᠢ᠂ ᠪᠤᠭᠤᠳᠠᠯ ᠪᠠᠭᠯᠠᠭ᠎ᠠ ᠶᠢ ᠬᠦᠯᠢᠶᠡᠨ ᠠᠪᠤᠭᠰᠠᠨ ᠤ ᠲᠠᠷᠠᠭ᠎ᠠ ᠲᠠᠷᠤᠶᠢᠬᠠᠨ ᠭᠠᠷ ᠢᠶᠠᠨ ᠬᠤᠬᠢᠶᠠᠬᠤ ᠬᠡᠷᠡᠭᠳᠡᠢ᠃      7. ᠭᠠᠳᠠᠭᠠᠳᠦ ᠠᠴᠠ ᠤᠷᠤᠭᠤᠯᠤᠭᠰᠠᠨ ᠪᠠᠷᠠᠭᠠᠨ ᠤ ᠪᠤᠭᠤᠳᠠᠯ ᠪᠠᠭᠯᠠᠭ᠎ᠠ ᠶᠢ ᠲᠤᠬᠢᠳᠠᠢ ᠰᠢᠢᠳᠪᠦᠷᠢᠯᠡᠵᠦ᠂ ᠠᠷᠢᠭᠤᠳᠬᠠᠭᠰᠠᠨ ᠤ ᠲᠠᠷᠠᠭ᠎ᠠ ᠴᠠᠭ ᠲᠤᠬᠠᠢ ᠳᠤᠨᠢ ᠬᠤᠭ ᠤᠨ ᠰᠠᠪᠠᠨ ᠳᠤ ᠬᠠᠶᠠᠬᠤ ᠬᠡᠷᠡᠭᠳᠡᠢ᠃      ᠴᠠᠭᠠᠨ ᠰᠠᠷ᠎ᠠ ᠶᠢᠨ ᠠᠮᠠᠷᠠᠯᠳᠠ ᠤᠶᠢᠷᠠᠳᠴᠦ ᠪᠠᠶᠢᠭ᠎ᠠ ᠲᠠᠰᠢᠷᠠᠮ ᠢᠶᠠᠷ ᠦᠷᠭᠡᠨ ᠣᠯᠠᠨ ᠬᠡᠷᠡᠭᠯᠡᠭᠴᠢᠳ ᠡᠷᠬᠡᠪᠰᠢ ᠴᠠᠭ ᠢᠮᠠᠭᠳᠠ ᠰᠤᠨᠤᠷ ᠰᠡᠷᠡᠮᠵᠢ ᠪᠠᠨ ᠲᠡᠭᠡᠭᠰᠢᠯᠡᠭᠦᠯᠵᠦ᠂ ᠰᠠᠶᠢᠳᠤᠷ ᠰᠡᠷᠭᠡᠶᠢᠯᠡᠨ ᠬᠠᠮᠠᠭᠠᠯᠠᠭᠰᠠᠨ ᠤᠷᠢᠳᠠᠯ ᠲᠤᠤᠷ᠎ᠠ᠂ ᠭᠠᠳᠠᠭᠠᠳᠤ ᠠᠴᠠ ᠤᠷᠤᠭᠤᠯᠤᠭᠰᠠᠨ ᠪᠠᠷᠠᠭ᠎ᠠ ᠶᠢ ᠪᠤᠯᠭᠤᠮᠵᠢᠳᠠᠢ ᠠᠪᠤᠪᠠᠯ ᠵᠤᠬᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号