ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂60 ᠨᠠᠰᠤᠨ ᠠᠴᠠ ᠲᠡᠭᠡᠭᠰᠢᠬᠢ ᠰᠠᠭᠤᠭᠠᠯᠢ ᠠᠷᠠᠳ ᠲᠤ | ᠨᠡᠶᠢᠭᠡᠮ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠬᠦᠷᠳᠡᠭᠡᠵᠦ᠂ ᠪᠠᠶᠠᠷ ᠬᠦᠷ ᠲᠠᠢ᠂ ᠦᠯᠵᠡᠢ ᠪᠡᠯᠭᠡ ᠲᠠᠢ | ᠴᠠᠭᠠᠨ ᠰᠠᠷ᠎ᠠ ᠶᠢ ᠦᠩᠭᠡᠷᠡᠭᠦᠯᠬᠦ ᠶᠢᠨ ᠲᠦᠯᠦᠭᠡ᠂1 ᠰᠠᠷ᠎ᠠ ᠶᠢᠨ15᠂16 ᠤ ᠡᠳᠦᠷ᠂ ᠰᠢᠷᠠᠮᠦ᠋ᠷᠡᠨ ᠪᠠᠯᠭᠠᠰᠤᠨ | ᠤ ᠡᠯ᠎ᠡ ᠭᠠᠴᠠᠭᠠᠨ ᠤ ︽ᠬᠤᠶᠠᠷ ᠵᠦᠪᠯᠡᠯ︾ ᠪᠤᠯᠤᠨ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ | ᠦᠷᠳᠡᠭᠡ ᠭᠠᠷᠠᠭ ᠤᠨ ᠰᠡᠭᠦᠯᠴᠢ ᠶᠢ ᠠᠰᠢᠭᠯᠠᠨ ᠲᠤᠬᠤᠨᠢᠭᠤᠯᠬᠤ ᠠᠵᠢᠯᠯᠠᠭ᠎ᠠ ᠵᠤᠬᠢᠶᠠᠨ ᠪᠠᠶᠢᠭᠤᠯᠵᠦ᠂ ᠲᠡᠳᠡᠨ ᠳᠤ | ᠭᠤᠯᠢᠷ ᠲᠤᠰᠤ ᠵᠡᠷᠭᠡ ᠲᠤᠬᠤᠨᠢᠭᠤᠯᠭ᠎ᠠ ᠶᠢᠨ ᠡᠳ᠋ ᠪᠤᠳᠠᠰ ᠬᠦᠡᠭᠡᠵᠦ ᠲᠡᠳᠡᠨ ᠤ ᠠᠮᠢᠳᠤᠷᠠᠯ ᠤᠨ ᠪᠠᠶᠢᠳᠠᠯ ᠢ ᠨᠠᠷᠢᠨ | ᠤᠶᠢᠯᠠᠭᠠᠵᠦ᠂ ᠵᠤᠬᠢᠶᠠᠨ ᠪᠠᠶᠢᠭᠤᠯᠤᠯᠳᠠ ᠶᠢᠨ ᠬᠠᠯᠠᠮᠵᠢᠯᠠᠯ ᠢ ᠬᠦᠷᠭᠡᠵᠦ ᠠᠷᠠᠳ ᠲᠤ ᠠᠰᠢᠭ ᠬᠦᠷᠳᠡᠭᠡᠬᠦ ᠲᠦᠷᠦ | ᠶᠢᠨ ᠪᠤᠳᠤᠯᠭ᠎ᠠ ᠶᠢ ᠣᠬᠠᠭᠤᠯᠤᠨ᠂ ᠨᠠᠮ ᠤᠨ ᠬᠠᠶᠢᠷ᠎ᠠ ᠬᠠᠯᠠᠮᠵᠢ ᠶᠢ ᠲᠠᠮᠵᠢᠭᠤᠯᠪᠠ᠃ | | 60 ᠨᠠᠰᠤᠨ ᠠᠴᠠ ᠲᠡᠭᠡᠭᠰᠢᠬᠢ ᠰᠠᠭᠤᠭᠠᠯᠢ ᠠᠷᠠᠳ ᠢ ᠬᠠᠯᠠᠮᠵᠢᠯᠠᠬᠤ ᠪᠤᠯ ᠤᠯᠠᠨ ᠲᠦᠮᠡᠨ ᠤ ᠠᠰᠢᠭ | ᠲᠤᠰᠠ᠂ ᠨᠡᠶᠢᠭᠡᠮ ᠤᠨ ᠡᠶ᠎ᠡ ᠵᠤᠬᠢᠴᠠᠯ ᠪᠠ ᠠᠮᠤᠷ ᠲᠤᠭᠳᠠᠭᠤᠨ ᠲᠠᠢ ᠬᠤᠯᠪᠤᠭᠳᠠᠬᠤ ᠠᠷᠠᠳ ᠤᠨ ᠠᠮᠢᠳᠤᠷᠠᠯ ᠤᠨ | ᠶᠡᠭᠡ ᠶᠠᠪᠤᠳᠠᠯ ᠮᠦᠨ᠃ ᠲᠤᠰ ᠤᠳᠠᠭᠠᠨ ᠤ ᠲᠤᠬᠤᠨᠢᠭᠤᠯᠭ᠎ᠠ ᠪᠠᠷ ᠲᠠᠮᠵᠢᠨ᠂ ᠰᠢᠷᠠᠮᠦ᠋ᠷᠡᠨ ᠪᠠᠯᠭᠠᠰᠤᠨ ᠤ ᠡᠯ᠎ᠡ | ᠭᠠᠴᠠᠭᠠᠨ ᠤ ︽ᠬᠤᠶᠠᠷ ᠵᠦᠪᠯᠡᠯ︾ ᠪᠤᠯᠤᠨ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠦᠷᠳᠡᠭᠡ | ᠨᠢ ᠨᠠᠰᠤᠳᠠᠶᠢᠴᠤᠤᠯ ᠳᠤ ᠨᠠᠮ ᠪᠠ ᠵᠠᠰᠠᠭ ᠤᠨ ᠤᠷᠳᠤᠨ ᠤ ᠬᠠᠯᠠᠮᠵᠢᠯᠠᠯ ᠢ ᠮᠡᠳᠡᠷᠡᠭᠦᠯᠬᠦ ᠪᠠᠷ ᠦᠯᠦ ᠪᠠᠷᠠᠨ᠂ | ᠪᠦᠬᠦ ᠪᠠᠯᠭᠠᠰᠤᠨ ᠤ ᠬᠡᠪᠴᠢᠶᠡᠨ ᠳᠤ ᠬᠠᠯᠠᠭᠤᠨ ᠲᠤᠯᠠᠭᠠᠨ᠂ ᠡᠶ᠎ᠡ ᠵᠤᠬᠢᠴᠠᠯ ᠲᠠᠢ ᠨᠡᠶᠢᠭᠡᠮ ᠤᠨ ᠠᠭᠤᠷ ᠠᠮᠢᠰᠬᠤᠯ | ᠢ ᠪᠤᠢ ᠪᠤᠯᠭᠠᠪᠠ᠃ | | | | | | | | | |